︽13·5︾᠎ ᠶᠢᠨ ᠬᠤᠭᠤᠴᠠᠭᠠᠨ ᠤ ᠡᠴᠦᠰ ᠲᠤ ᠥᠪᠥᠷ ᠮᠣᠩᠭᠤᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 60 ᠲᠦᠮᠡᠨ ᠲᠣᠨ ᠠᠴᠠ ᠳᠣᠷᠣᠭᠰᠢᠬᠢ ᠨᠡᠭᠦᠷᠡᠰᠦᠨ ᠠᠭᠤᠷᠬᠠᠶ ᠦᠨᠳᠦᠰᠦᠨ ᠳᠡᠭᠡᠨ ᠵᠠᠬ᠎ᠠ ᠳᠡᠯᠭᠡᠭᠦᠷ ᠠᠴᠠ ᠤᠬᠤᠷᠢᠨ ᠭᠠᠷᠭᠠᠬᠤ ᠪᠣᠯᠣᠨ᠎ᠠ
ᠨᠡᠶᠢᠲᠡᠯᠡᠭᠰᠡᠨ ᠴᠠᠭ᠄
2018/5/25
     ︽13·5︾᠎ ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠰᠡᠭ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠨᠡᠭᠦᠷᠡᠰᠦ ᠶᠢ ᠬᠠᠩᠭᠠᠬᠤ ᠨᠡᠭᠦᠷᠡᠰᠦᠨ ᠠᠭᠤᠷᠬᠠᠢ ᠶᠢ ᠪᠠᠲᠤᠯᠠᠬᠤ ᠶᠢ ᠭᠠᠷᠭᠠᠪᠠᠯ᠂ ᠪᠤᠰᠤᠳ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 60 ᠲᠦᠮᠡᠨ ᠲᠣᠨ ᠠᠴᠠ ᠳᠣᠷᠣᠭᠰᠢᠬᠢ ᠨᠡᠭᠦᠷᠡᠰᠦᠨ ᠠᠭᠤᠷᠬᠠᠶ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠪᠣᠯᠤᠨ᠎ᠠ᠃ 2015 ᠣᠨ ᠠᠴᠠ ᠨᠠᠰᠢ᠂ ᠥᠪᠥᠷ ᠮᠣᠩᠭᠤᠯ ᠨᠡᠭᠦᠷᠡᠰᠦᠨ ᠤ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠭᠡᠬᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠵᠢᠭ ᠨᠡᠭᠦᠷᠡᠰᠦᠨ ᠠᠭᠤᠷᠬᠠᠢ ᠶᠢ ᠬᠦᠴᠦᠯᠡᠨ ᠬᠠᠭᠠᠵᠤ ᠵᠤᠭᠰᠤᠭᠠᠵᠤ᠂ ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠪᠠ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 30 ᠲᠦᠮᠡᠨ ᠲᠣᠨ ᠠᠴᠠ ᠳᠣᠷᠣᠭᠰᠢᠬᠢ ᠨᠡᠭᠦᠷᠡᠰᠦᠨ ᠠᠭᠤᠷᠬᠠᠶ ᠶᠢ ᠴᠥᠮ ᠵᠠᠬ᠎ᠠ ᠳᠡᠯᠭᠡᠭᠦᠷ ᠠᠴᠠ ᠤᠬᠤᠷᠢᠨ ᠭᠠᠷᠭᠠᠪᠠ᠃ ︽13·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠣᠷᠣᠨ ᠨᠤᠲᠤᠭ ᠤᠨ 49 ᠨᠡᠭᠦᠷᠡᠰᠦᠨ ᠠᠭᠤᠷᠬᠠᠶ ᠶᠢ ᠤᠬᠤᠷᠢᠨ ᠭᠠᠷᠭᠠᠬᠤ ᠪᠠᠷ ᠲᠤᠭᠲᠠᠭᠠᠵᠤ᠂ ᠨᠡᠶᠢᠲᠡ 1710 ᠲᠦᠮᠡᠨ ᠲᠣᠨ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠲᠠᠢ ᠬᠤᠯᠪᠤᠭᠳᠠᠪᠠ᠃ 2018 ᠣᠨ ᠳᠤ᠂ ᠪᠦᠬᠦ ᠤᠷᠤᠨ 22 ᠨᠡᠭᠦᠷᠡᠰᠦᠨ ᠠᠭᠤᠷᠬᠠᠶ᠂ 1110 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠤᠬᠤᠷᠢᠨ ᠭᠠᠷᠭᠠᠬᠤ ᠪᠠᠷ ᠲᠤᠭᠲᠠᠭᠠᠪᠠ᠂ ᠡᠭᠦᠨ ᠤ ᠳᠡᠭᠡᠷ᠎ᠡ 2016 ᠣᠨ ᠪᠣᠯᠤᠨ 2017 ᠣᠨ ᠳᠤ ᠨᠢᠭᠡᠨᠲᠡ ᠤᠬᠤᠷᠢᠨ ᠭᠠᠷᠭᠠᠭᠰᠠᠨ ᠨᠡᠭᠦᠷᠡᠰᠦᠨ ᠠᠭᠤᠷᠬᠠᠶ ᠪᠠ ᠦᠢᠯᠡᠳᠪᠦᠷᠢᠯᠡᠬᠦ ᠴᠢᠳᠠᠪᠤᠷᠢ ᠶᠢ ᠨᠡᠮᠡᠪᠡᠯ᠂ 3 ᠵᠢᠯ ᠳᠤ ᠨᠡᠶᠢᠲᠡ 57 ᠨᠡᠭᠦᠷᠡᠰᠦᠨ ᠠᠭᠤᠷᠬᠠᠶ᠂ 2520 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠤᠬᠤᠷᠢᠨ ᠭᠠᠷᠭᠠᠵᠤ᠂ ︽13·5︾᠎ ᠶᠢᠨ ᠬᠤᠭᠤᠴᠠᠭᠠᠨ ᠤ ᠣᠷᠣᠨ ᠨᠤᠲᠤᠭ ᠤᠨ ᠨᠡᠭᠦᠷᠡᠰᠦᠨ ᠠᠭᠤᠷᠬᠠᠶ ᠶᠢᠨ ᠤᠬᠤᠷᠢᠨ ᠭᠠᠷᠭᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号