ᠦᠬᠠᠶ ᠬᠤᠳᠠ ᠥᠨᠥᠴᠢᠨ ᠭᠤᠯᠤᠭᠳᠠᠭᠰᠠᠨ ᠬᠡᠦᠬᠡᠳ ᠢ ᠥᠰᠬᠡᠨ ᠬᠥᠮᠦᠵᠢᠭᠦᠯᠬᠦ ᠪᠠᠶᠢᠳᠠᠯ ᠢ ︽ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠶᠡᠭᠡ ᠵᠢᠷᠤᠮᠵᠢᠭᠤᠯᠬᠤ︾ ᠠᠵᠢᠯᠯᠠᠭ᠎ᠠ ᠦᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2018/5/25
     ᠦᠬᠠᠶ ᠬᠤᠲᠠ ᠶᠢᠨ ᠥᠨᠥᠴᠢᠨ ᠭᠤᠯᠤᠭᠳᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠥᠨᠥᠴᠢᠨ ᠭᠤᠯᠤᠭᠳᠠᠭᠰᠠᠨ ᠬᠡᠤᠬᠡᠳ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ ᠦᠬᠠᠶ ᠬᠤᠲᠠ ᠪᠦᠬᠦ ᠬᠤᠲᠠ ᠶᠢᠨ ᠬᠡᠪᠴᠢᠶᠡᠨ ᠳᠤ ᠥᠨᠥᠴᠢᠨ ᠭᠤᠯᠤᠭᠳᠠᠭᠰᠠᠨ ᠬᠡᠦᠬᠡᠳ ᠢ ᠥᠰᠬᠡᠨ ᠬᠥᠮᠦᠵᠢᠭᠦᠯᠬᠦ ᠪᠠᠶᠢᠳᠠᠯ ᠢ ︽ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠶᠡᠭᠡ ᠵᠢᠷᠤᠮᠵᠢᠭᠤᠯᠬᠤ︾ ᠲᠤᠰᠬᠠᠶ ᠠᠵᠢᠯᠯᠠᠭ᠎ᠠ ᠦᠷᠨᠢᠭᠦᠯᠬᠦ ᠪᠠᠷ ᠪᠠᠶᠢᠨ᠎ᠠ᠃ ᠲᠤᠰ ᠤᠳᠠᠭᠠᠨ ᠤ ᠶᠡᠭᠡ ᠪᠠᠶᠢᠴᠠᠭᠠᠯᠲᠠ ᠳᠤ ᠬᠡᠯᠡᠵᠦ ᠪᠠᠶᠢᠭ᠎ᠠ ᠥᠨᠥᠴᠢᠨ ᠭᠤᠯᠤᠭᠳᠠᠭᠰᠠᠨ ᠬᠡᠦᠬᠡᠳ ᠭᠡᠳᠡᠭ ᠨᠢ ᠥᠨᠥᠴᠢᠨ ᠬᠡᠦᠬᠡᠳ ᠪᠠ ᠭᠤᠯᠤᠭᠳᠠᠵᠤ ᠬᠠᠶᠠᠭᠳᠠᠭᠰᠠᠨ ᠬᠡᠤᠬᠡᠳ ᠢ ᠵᠢᠭᠠᠵᠤ ᠪᠠᠶᠢᠨ᠎ᠠ᠂ ᠪᠣᠳᠠᠲᠠᠶ ᠪᠠᠷ ᠬᠡᠯᠡᠪᠡᠯ᠄ ᠭᠡᠷ ᠪᠦᠯᠢ ᠨᠢ ᠪᠤᠲᠠᠷᠠᠭᠰᠠᠨ ᠥᠨᠥᠴᠢᠨ ᠬᠡᠦᠬᠡᠳ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠦᠨ ᠠᠰᠠᠷᠠᠨ ᠬᠠᠷᠠᠭᠠᠯᠵᠠᠵᠤ ᠪᠠᠶᠢᠭ᠎ᠠ ᠥᠨᠥᠴᠢᠨ ᠬᠡᠦᠬᠡᠳ ︵ᠡᠭᠦᠨ ᠳᠤ ᠬᠥᠮᠦᠨ ᠰᠠᠷᠢᠭᠠᠯᠠᠭᠴᠢᠳ ᠲᠤ ᠴᠣᠬᠢᠯᠲᠠ ᠦᠭᠴᠦ ᠠᠪᠤᠷᠠᠨ ᠭᠠᠷᠭᠠᠭᠰᠠᠨ ᠬᠡᠦᠬᠡᠳ ᠤᠨ ᠳᠤᠲᠤᠷᠠᠬᠢ ᠡᠶᠢᠮᠦᠷᠬᠦ ᠬᠡᠦᠬᠡᠳ ᠪᠠᠭᠲᠠᠨ᠎ᠠ︶᠂ ᠠᠷᠠᠳ ᠠᠴᠠ ᠡᠷᠬᠢᠯᠡᠭᠰᠡᠠ ᠪᠠᠶᠢᠭᠤᠯᠤᠮᠵᠢ ᠶᠢᠨ ᠦᠯᠡᠳᠡᠭᠡᠨ ᠠᠪᠴᠤ ᠠᠰᠠᠷᠠᠨ ᠲᠡᠵᠢᠭᠡᠵᠦ ᠪᠠᠶᠢᠭ᠎ᠠ ᠥᠨᠥᠴᠢᠨ ᠭᠤᠯᠤᠭᠳᠠᠭᠰᠠᠨ ᠬᠡᠦᠬᠡᠳ ᠢ ᠭᠡᠷ ᠤᠨ ᠬᠦᠮᠦᠨ ᠢ ᠨᠢ ᠡᠷᠢᠬᠦ ᠵᠢᠷᠤᠮ ᠢᠶᠠᠷ ᠡᠴᠢᠭᠡ ᠡᠭᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠨᠢ 3 ᠰᠠᠷ᠎ᠠ ᠡᠷᠢᠭᠡᠳ ᠮᠦᠨᠬᠦ ᠣᠯᠤᠭᠰᠠᠨ ᠦᠭᠡᠢ ᠲᠡᠨᠦᠭᠦᠴᠢᠯᠡᠵᠦ ᠭᠤᠶᠢᠷᠠᠨᠴᠢᠯᠠᠵᠤ ᠪᠠᠶᠢᠭ᠎ᠠ ᠬᠡᠦᠬᠡᠳ ᠵᠡᠷᠭᠡ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号