ᠬᠥᠬᠡᠬᠤᠲᠠ ᠪᠦᠬᠦ ᠤᠯᠤᠰ ᠤᠨ ᠶᠡᠭᠡ ᠰᠤᠷᠭᠠᠭᠤᠯᠢ ᠶᠢᠨ ᠣᠶᠤᠲᠠᠳ ᠤᠨ ᠰᠦᠯᠵᠢᠶᠡᠨ ᠳᠡᠭᠡᠷ᠎ᠡ ᠡᠷᠦᠬᠡ ᠠᠮᠠ ᠣᠷᠣᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠡᠢ
ᠨᠡᠶᠢᠲᠡᠯᠡᠭᠰᠡᠨ ᠴᠠᠭ᠄
2018/5/25
     ︽ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠲᠤᠬᠠᠶ ᠬᠥᠬᠡᠬᠤᠲᠠ ᠶᠢᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ︵︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 9 ᠵᠤᠷᠪᠤᠰ︾ ᠭᠡᠵᠦ ᠳᠥᠭᠦᠮᠴᠢᠯᠡᠪᠡ︶᠎ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠳ ᠢ ᠢᠳᠡᠪᠬᠢᠲᠡᠶ ᠪᠠᠷ ᠲᠠᠳᠠᠨ ᠠᠪᠴᠢᠷᠠᠵᠤ ᠬᠥᠬᠡᠬᠤᠲᠠ ᠳᠤ ᠡᠷᠦᠬᠡ ᠠᠮᠠ ᠪᠠᠨ ᠣᠷᠤᠭᠤᠯᠤᠨ ᠠᠵᠢᠯ ᠣᠯᠵᠤ ᠠᠳᠠᠯ ᠦᠢᠯᠡᠰ ᠴᠣᠭᠴᠠᠯᠠᠭᠤᠯᠬᠤ ᠶᠢᠨ ᠲᠤᠰᠠᠳᠠ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠢᠬᠦ ᠪᠠᠷ ᠳᠠᠮᠵᠢᠭᠠᠳ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ ᠤᠨ ᠠᠯᠪᠠᠨ ᠭᠡᠷ 5 ᠳ᠋ᠤᠭᠠᠷ ᠰᠠᠷ᠎ᠠ ᠶᠢᠨ 21᠎ ᠤ ᠡᠳᠦᠷ ᠪᠦᠬᠦ ᠤᠯᠤᠰ ᠤᠨ ᠶᠡᠭᠡ ᠰᠤᠷᠭᠠᠭᠤᠯᠢ ᠶᠢᠨ ᠣᠶᠤᠲᠠᠳ ᠤᠨ ᠰᠦᠯᠵᠢᠶᠡᠨ ᠳᠡᠭᠡᠷ᠎ᠡ ᠡᠷᠦᠬᠡ ᠠᠮᠠ ᠣᠷᠣᠭᠤᠯᠬᠤ ᠲᠤᠬᠠᠶᠢᠯᠠᠭᠰᠠᠨ ᠠᠵᠢᠯ ᠢ ᠠᠮᠵᠢᠯᠲᠠᠲᠠᠶ ᠡᠷᠬᠢᠯᠡᠪᠡ᠃      ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠶᠢᠨ 21᠎ ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ ᠤᠨ ᠠᠯᠪᠠᠨ ᠭᠡᠷ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠠᠮᠢᠳᠤᠷᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠲᠠᠩᠬᠢᠮ ᠢᠶᠠᠷ ᠳᠠᠮᠵᠢᠵᠤ᠂ ᠠᠩᠬᠠᠳᠠᠭᠴᠢ ᠪᠦᠬᠦ ᠤᠯᠤᠰ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠨ ᠤ ᠰᠦᠯᠵᠢᠶᠡᠨ ᠳᠡᠭᠡᠷ᠎ᠡ ᠡᠷᠥᠬᠡ ᠠᠮᠠ ᠣᠷᠤᠭᠤᠯᠬᠤ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠬᠦᠯᠢᠶᠡᠨ ᠠᠪᠤᠭᠰᠠᠨ ᠪᠥᠭᠡᠳ ᠭᠦᠢᠴᠡᠳᠬᠡᠵᠦ ᠳᠠᠭᠤᠰᠬᠠᠭᠰᠠᠨ ᠪᠠᠶᠢᠨ᠎ᠠ᠃ ᠣᠲᠣ ᠪᠣᠯᠲᠠᠯ᠎ᠠ᠂ ᠲᠣᠰ ᠲᠤᠬᠠᠶᠢᠯᠠᠭᠰᠠᠨ ᠠᠵᠢᠯ ᠢ 2 ᠬᠤᠪᠢ ᠠᠮᠵᠢᠯᠲᠠ ᠲᠠᠢ ᠪᠠᠷ ᠭᠦᠢᠴᠡᠳᠬᠡᠪᠡ᠂ ᠳ᠋ᠢᠶᠠᠩᠬᠤᠸᠠ ᠪᠠᠷ ᠯᠠᠪᠯᠠᠭᠰᠠᠨ ᠨᠢ 7 ᠬᠥᠮᠦᠨ᠂ ᠲᠤᠬᠠᠶ ᠶᠢᠨ ᠲᠠᠯᠠᠪᠠᠢ ᠳᠤ ᠯᠠᠪᠯᠠᠭᠰᠠᠨ ᠨᠢ 3 ᠬᠦᠮᠦᠨ ᠪᠣᠶ᠃ ᠣᠳᠣᠬᠠᠨ ᠳᠤ᠂ ᠡᠨᠡᠬᠦ ᠠᠵᠢᠯ ᠢ ᠶᠠᠭ ᠪᠦᠬᠦ ᠲᠠᠯ᠎ᠠ ᠪᠠᠷ ᠣᠯᠠᠨ ᠬᠠᠷᠠᠭᠠᠰᠤ ᠠᠴᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠪᠣᠢ᠃ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠦᠭᠦᠮ ᠦᠵᠡᠭᠦᠯᠬᠦ ᠶᠢᠨ ᠲᠤᠰᠠᠳᠠ᠂ ᠣᠯᠠᠨ ᠲᠦᠮᠡᠨ ᠢ ︽ᠶᠡᠬᠡᠳᠡᠬᠦ ᠳᠡᠭᠡᠨ ᠨᠢᠭᠡ ᠤᠳᠠᠭ᠎ᠠ ᠭᠦᠶᠦᠯᠭᠡᠬᠦ︾ ᠪᠣᠯᠵᠠᠢ᠂ ᠤᠶᠢᠷ᠎ᠠ ᠶᠢᠨ ᠵᠢᠯ ᠳᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ ᠤᠨ ᠠᠯᠪᠠᠨ ᠭᠡᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠶᠢᠨ ᠵᠠᠰᠠᠭ ᠤᠨ ᠶᠠᠪᠤᠳᠠᠯ︾᠎ ᠢ ᠠᠬᠢᠭᠤᠯᠤᠨ᠂ ︽ᠣᠨᠴᠠᠭᠠᠶ ᠶᠠᠪᠤᠳᠠᠯ ᠢ ᠣᠨᠴᠠᠭᠠᠶ ᠭᠦᠢᠴᠡᠳᠬᠡᠬᠦ︾ ᠴᠣᠩᠬᠤᠪᠴᠢ ᠶᠢ ᠨᠡᠮᠡᠨ ᠪᠠᠶᠢᠭᠤᠯᠵᠤ᠂ ︽ᠭᠤᠣᠯ ᠮᠠᠲ᠋ᠧᠷᠢᠶᠠᠯ ᠢᠶᠠᠷ ᠨᠢ ᠰᠢᠢᠳᠪᠦᠷᠢᠯᠡᠵᠦ᠂ ᠳᠤᠲᠠᠭᠤ ᠮᠠᠲ᠋ᠧᠷᠢᠶᠠᠯ ᠢ ᠨᠦᠬᠦᠬᠦᠯᠬᠦ︾ ᠠᠵᠢᠯᠯᠠᠭᠠᠨ ᠥᠷᠨᠢᠭᠦᠯᠦᠨ᠂ ᠴᠤᠪᠤᠷᠠᠯ ᠢ ᠳᠠᠬᠢᠠ ᠲᠣᠬᠢᠷᠠᠭᠤᠯᠵᠦ᠂ ᠦᠢᠯᠡᠴᠢᠯᠡᠭᠡᠨ ᠢᠶᠠᠨ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠪᠡ᠃ ᠡᠨᠡᠬᠦ ᠤᠳᠠᠭᠠᠨ ᠤ ᠪᠦᠬᠦ ᠤᠯᠤᠰ ᠤᠨ ᠶᠡᠭᠡ ᠰᠤᠷᠭᠠᠭᠤᠯᠢ ᠶᠢᠨ ᠣᠶᠤᠲᠠᠳ ᠤᠨ ᠰᠦᠯᠵᠢᠶᠡᠨ ᠳᠡᠭᠡᠷ᠎ᠡ ᠡᠷᠦᠬᠡ ᠠᠮᠠ ᠣᠷᠣᠭᠤᠯᠬᠤ ᠲᠤᠬᠠᠶᠢᠯᠠᠭᠰᠠᠨ ᠠᠵᠢᠯ ᠢ ᠨᠡᠭᠡᠭᠡᠭᠰᠡᠨ ᠶᠠᠪᠤᠳᠠᠯ ᠨᠢ᠂ ᠪᠥᠬᠦ ᠤᠯᠤᠰ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠨ ᠤ ᠬᠥᠬᠡᠬᠤᠲᠠ ᠳᠤ ᠡᠷᠦᠬᠡ ᠠᠮᠠ ᠪᠠᠨ ᠣᠷᠤᠭᠤᠯᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠳ ᠭᠡᠷ ᠠᠴᠠ ᠪᠠᠨ ᠭᠠᠷᠬᠤ ᠦᠭᠡᠢ ᠪᠠᠷ ᠵᠥᠪᠬᠡᠨ ᠢᠨᠲ᠋ᠧᠷ ᠰᠦᠯᠵᠢᠶ᠎ᠡ ᠪᠠᠷ ᠳᠠᠮᠵᠢᠨ ᠰᠦᠯᠵᠢᠶᠡᠨ ᠳᠡᠭᠡᠷ᠎ᠡ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠪᠣᠯᠣᠨ ᠪᠡᠶ᠎ᠡ ᠶᠢᠨ ᠦᠨᠡᠮᠯᠡᠯ ᠢᠶᠠᠨ ᠤᠯᠠᠮᠵᠢᠯᠠᠵᠤ᠂ ᠡᠯᠧᠺᠲᠷᠣᠨ ᠭᠤᠶᠤᠴᠢᠯᠠᠯ ᠤᠨ ᠬᠦᠰᠦᠨᠦᠭᠲᠦ ᠪᠠᠨ ᠲᠤᠰᠢᠶᠠᠪᠠᠯ᠂ ᠴᠣᠩᠬᠤᠪᠴᠢ ᠶᠢᠨ ᠴᠠᠭᠳᠠᠭ᠎ᠠ ᠠᠴᠠ ᠰᠦᠯᠵᠢᠶᠡᠨ ᠳᠡᠭᠡᠷᠡᠬᠢ ᠡᠷᠥᠬᠡ ᠠᠮᠠ ᠰᠢᠯᠵᠢᠭᠦᠯᠬᠦ ᠵᠥᠪᠰᠢᠶᠡᠷᠡᠯ ᠤᠨ ᠭᠠᠷᠳᠠᠮ ᠢ ᠭᠦᠢᠴᠡᠳᠬᠡᠨ ᠥᠭᠴᠥ᠂ ᠡᠷᠦᠬᠡ ᠠᠮᠠ ᠶᠢᠨ ᠳᠡᠪᠲᠡᠷ ᠢ ᠨᠢ ᠳᠠᠷᠤᠮᠠᠯᠯᠠᠵᠤ ᠥᠭᠭᠦᠭᠡᠳ᠂ ︽ᠲᠤᠭ᠎ᠠ ᠪᠠᠷᠢᠮᠲᠠ ᠶᠢ ᠯᠡ ᠳᠠᠮᠵᠢᠭᠤᠯᠵᠤ᠂ ᠤᠯᠠᠨ ᠲᠦᠮᠡᠨ ᠢ ᠭᠦᠶᠦᠯᠭᠡᠬᠦ ᠦᠭᠡᠢ ᠪᠠᠶᠢᠬᠤ︾ ᠬᠠᠷᠠᠯᠲᠠ ᠶᠢ ᠥᠨᠡᠨᠬᠦ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号