ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/5/25
     5 ᠳ᠋ᠤᠭᠠᠷ ᠰᠠᠷ᠎ᠠ ᠶᠢᠨ 23 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠤᠯᠤᠨ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠨᠢᠭᠡᠳᠦᠭᠡᠷ ᠮᠠᠰᠢᠨ ᠮᠧᠬᠠᠨᠢᠬ ᠤᠨ ᠪᠦᠯᠦᠭᠯᠡᠯ ᠤᠨ ᠲᠠᠪᠤᠳᠤᠭᠠᠷ ᠬᠤᠪᠢᠶᠠᠷᠢ ᠺᠤᠮᠫᠠᠨᠢ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠦ ᠦᠢᠯᠡᠰ ᠤᠨ ᠲᠦᠷᠦᠯ ᠵᠦᠢᠯ ᠤᠨ ᠦᠵᠡᠭᠦᠯᠦᠯᠭᠡ ᠶᠢᠨ ᠲᠠᠩᠬᠢᠮ ᠢ ᠲᠣᠭᠤᠷᠢᠨ ᠦᠵᠡᠪᠡ᠃      5 ᠳ᠋ᠤᠭᠠᠷ ᠰᠠᠷ᠎ᠠ ᠶᠢᠨ 23 ᠠᠴᠠ 24 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠤᠭᠤᠳᠤ ᠬᠤᠳᠠ᠂ ᠤᠷᠳᠤᠰ ᠬᠤᠳᠠ ᠳᠤ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠶᠠᠷᠢᠶ᠎ᠠ ᠲᠠᠯᠪᠢᠬᠤ ᠳᠠᠭᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ  ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ᠂ ᠮᠠᠨ ᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠪᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠵᠠᠢ᠃      ᠬᠤᠷᠠᠯ ᠳᠤ ᠤᠷᠤᠯᠴᠠᠬᠰᠠᠨ ᠨᠦᠬᠦᠳ ᠬᠦᠷᠢᠶᠡᠯᠡᠩ ᠲᠤᠭᠤᠷᠢᠭ᠂ ᠪᠠᠷᠢᠯᠭ᠎ᠠ ᠶᠢᠨ ᠭᠠᠵᠠᠷ ᠢᠶᠠᠷ ᠬᠦᠷᠴᠤ᠂ ᠠᠵᠤ ᠠᠬᠤᠶᠢᠯᠡᠯ ᠢᠶᠠᠷ ᠬᠦᠨᠵᠡᠭᠡᠶᠢᠷᠡᠨ᠂ ᠲᠦᠷᠦᠯ ᠵᠦᠢᠯ ᠢ ᠦᠵᠡᠵᠤ᠂ ᠲᠤᠬᠠᠢ ᠶᠢᠨ ᠭᠠᠵᠠᠷ ᠲᠤ ᠲᠤᠭᠤᠷᠢᠨ ᠦᠵᠡᠭᠦ᠂ ᠲᠤᠰᠬᠠᠢ ᠰᠡᠳᠦᠪᠳᠦ ᠹᠢᠯᠢᠮ ᠰᠤᠨᠢᠷᠬᠠᠬᠤ᠂ ᠬᠠᠷᠢᠭᠤ ᠮᠡᠳᠡᠭᠦᠯᠦᠯᠳᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠡᠯ᠎ᠠ ᠭᠠᠵᠠᠷ ᠤᠷᠤᠨ ᠤ ᠬᠦᠷᠢᠶᠡᠯᠡᠩ ᠲᠤᠭᠤᠷᠢᠭ ᠤᠨ ᠬᠦᠭᠵᠢᠯᠳᠡ᠂ ᠠᠵᠤ ᠠᠬᠤᠶᠢᠯᠠᠯ ᠤᠨ ᠡᠵᠡᠩᠨᠡᠯᠳᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠬᠦᠨᠵᠡᠭᠡᠢ ᠤᠶᠢᠯᠠᠭᠠᠪᠠ᠃ ᠤᠯᠠᠮᠵᠢᠯᠠᠯᠳᠤ ᠠᠵᠤ ᠦᠢᠯᠡᠰ ᠲᠤ ︽ᠰᠢᠨ᠎ᠠ ᠴᠡᠴᠡᠭ ᠲᠡᠯᠭᠡᠷᠡᠵᠤ︾᠂ ᠰᠢᠨ᠎ᠠ ᠪᠠᠷ ᠮᠠᠨᠳᠤᠬᠰᠠᠨ ᠠᠵᠤ ᠦᠢᠯᠡᠰ ︽ᠡᠯᠪᠡᠭ ᠦᠷ᠎ᠠ ᠪᠦᠳᠦᠭᠡᠯ︾ ᠤᠯᠵᠤ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠦᠷᠨᠢᠯ ᠬᠦᠭᠵᠢᠯᠳᠡ ᠪᠠ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠤᠨ ᠠᠷᠭ᠎ᠠ ᠵᠠᠮ ᠠᠷᠭ᠎ᠠ ᠬᠡᠮᠵᠢᠶ᠎ᠠ ᠪᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠠᠮᠢᠵᠢᠷᠠᠯ ᠤᠨ ᠬᠦᠴᠦᠨ ᠨᠦᠭᠡᠴᠡ ᠬᠦᠴᠦᠨ ᠢ ᠬᠠᠷᠠᠭᠠᠳ ᠤᠯᠠᠨ ᠢᠶᠠᠷ ᠢᠶᠠᠨ ᠮᠠᠰᠢ ᠤᠷᠮᠠᠰᠢᠨ ᠵᠤᠷᠢᠬᠵᠢᠵᠦ᠂ ᠬᠦᠨ ᠰᠡᠩᠬᠡᠷᠡᠭᠦᠯᠦᠯ ᠤᠯᠵᠤ᠂ ᠲᠦᠷᠦᠯ ᠵᠦᠢᠯ ᠢ ᠠᠳᠬᠤᠨ᠂ ᠪᠦᠳᠦᠭᠡᠨ ᠪᠠᠶᠢᠭᠤᠯᠤᠯᠳᠠ ᠬᠢᠭᠦ ᠬᠠᠯᠠᠭᠤᠨ ᠰᠡᠳᠬᠢᠯᠭᠡ ᠶᠢ ᠨᠢ ᠴᠢᠨᠠᠬᠰᠢᠳᠠ ᠬᠦᠭᠵᠢᠭᠡᠵᠤ᠂ ᠬᠦᠳᠡᠯᠭᠡᠭᠦ ᠡᠨᠧᠷᠬᠢ ᠶᠢ ᠬᠦᠴᠦᠷᠭᠡᠭᠵᠢᠭᠦᠯᠦᠨ᠂ ᠬᠦᠭᠵᠢᠯᠳᠡ ᠶᠢ ᠠᠬᠢᠭᠤᠯᠬᠤ ᠢᠳᠡᠭᠡᠯ ᠢ ᠴᠢᠨᠠᠬᠰᠢᠳᠠ ᠪᠠᠳᠤᠳᠬᠠᠵᠠᠢ ᠬᠡᠵᠤ ᠢᠯᠡᠷᠬᠡᠶᠢᠯᠡᠵᠡᠭᠡᠪᠡ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠠᠵᠤ ᠠᠬᠤᠢ ᠶᠢᠨ ᠬᠦᠭᠵᠢᠯᠳᠡ ᠪᠤᠯ ᠡᠷᠬᠢᠭᠦᠯᠭᠡᠨ ᠬᠡᠯᠪᠡᠷᠢ ᠪᠠᠷ ᠲᠡᠭᠡᠭᠰᠢᠯᠡᠭᠦ ᠶᠠᠪᠤᠴᠠ ᠪᠤᠯᠤᠨ᠎ᠠ᠂ ᠡᠨᠡᠭᠦ ᠲᠡᠭᠡᠭᠰᠢᠯᠡᠯᠳᠡ ᠶᠢ ᠲᠤᠯᠭᠠᠭᠤᠷᠢᠯᠠᠬᠤ ᠳᠤ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢ ᠲᠠᠰᠤᠷᠠᠯᠳᠠ ᠦᠭᠡᠢ ᠰᠤᠯᠢᠬᠳᠠᠭᠤᠯᠬᠤ ᠬᠡᠷᠡᠭᠳᠡᠢ᠃ ᠮᠠᠨ ᠤ ᠤᠷᠤᠨ ᠤ ᠠᠵᠤ ᠠᠬᠤᠢ ᠨᠢᠬᠡᠨᠳᠡ ᠲᠡᠭᠡᠳᠤ ᠬᠤᠷᠳᠤᠴᠠᠳᠤ ᠨᠡᠮᠡᠭᠳᠡᠯ ᠤᠨ ᠱᠠᠳᠤᠨ ᠠᠴᠠ ᠪᠠᠨ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠰᠢᠯᠵᠢᠭᠰᠡᠨ ᠪᠣᠯᠬᠤᠷ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠭᠦ ᠨᠢ ᠴᠢᠬᠤᠯᠠ ᠮᠦᠷᠳᠡᠭᠡᠨ ᠲᠤᠯᠭᠠᠮ᠎ᠠ ᠪᠤᠯᠵᠠᠢ᠃ ᠪᠦᠬᠦ ᠤᠷᠤᠨ ᠲᠠᠶᠠᠭᠠᠷ ᠢᠶᠠᠨ ᠡᠷᠬᠡᠪᠰᠢ ᠪᠠᠶᠢᠳᠠᠯ ᠢ ᠲᠤᠳᠤᠷᠬᠠᠢ ᠲᠠᠨᠢᠵᠤ᠂ ᠠᠰᠠᠭᠤᠳᠠᠯ ᠳᠤ ᠰᠢᠭᠤᠳ ᠬᠠᠨᠳᠤᠨ᠂ ᠵᠤᠷᠢᠬᠳᠠᠢ ᠪᠠᠷ ᠰᠡᠳᠬᠢᠨ ᠵᠤᠷᠢᠬᠳᠠᠢ ᠪᠠᠷ ᠠᠵᠢᠯᠯᠠᠵᠤ᠂ ᠦᠨᠡᠨᠭᠦ ᠠᠳᠬᠤᠨ ᠪᠤᠳᠠᠳᠠᠢ ᠠᠵᠢᠯᠯᠠᠵᠤ᠂ ᠤᠳᠤᠬᠢᠴᠢᠯᠡᠬᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠬᠦᠷᠢᠶᠡᠯᠡᠩ ᠲᠤᠭᠤᠷᠢᠭ ᠤᠨ ᠮᠠᠨᠳᠤᠯᠳᠠ ᠬᠦᠭᠵᠢᠯᠳᠡ ᠶᠢ ᠬᠦᠴᠦᠯᠡᠨ ᠠᠬᠢᠭᠤᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠡᠭᠦᠳᠦᠯᠳᠡ ᠪᠠ ᠴᠢᠳᠠᠪᠤᠷᠢᠳᠠᠨ ᠤ ᠲᠤᠯᠭᠠᠭᠤᠷᠢᠯᠠᠯ ᠢ ᠬᠦᠴᠦᠯᠡᠨ ᠴᠢᠩᠭᠠᠳᠬᠠᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠴᠦᠯᠡᠨ ᠬᠦᠨᠵᠡᠭᠡᠶᠢᠷᠡᠭᠦᠯᠵᠤ᠂ ᠨᠡᠭᠡᠭᠡᠯᠳᠡᠳᠦ ᠬᠡᠯᠪᠡᠷᠢ ᠶᠢᠨ ᠠᠵᠤ ᠠᠬᠤᠢ ᠶᠢᠨ ᠰᠢᠨ᠎ᠠ ᠲᠠᠪᠠᠭᠤᠯᠢᠭ ᠢ ᠬᠦᠴᠦᠯᠡᠨ ᠱᠤᠭᠤᠵᠤ᠂ ᠬᠤᠳᠠ ᠬᠦᠳᠡᠭᠡ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠬᠦᠴᠦᠯᠡᠨ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠦᠴᠦᠯᠡᠨ ᠴᠢᠩᠭᠠᠳᠬᠠᠵᠤ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢ ᠰᠤᠯᠢᠬᠳᠠᠭᠤᠯᠬᠤ ᠠᠵᠢᠯ ᠢ ᠦᠨᠡᠨᠭᠦ ᠨᠡᠩ ᠴᠢᠩᠭ᠎ᠠ ᠪᠦᠭᠡᠳ ᠪᠤᠳᠠᠳᠠᠢ ᠠᠳᠬᠤᠵᠤ᠂ ᠬᠦᠭᠵᠢᠯᠳᠡ ᠶᠢ ᠠᠳᠬᠤᠨ ᠪᠦᠳᠦᠭᠡᠨ ᠪᠠᠶᠢᠭᠤᠯᠤᠯᠳᠠ ᠬᠢᠭᠦ ᠠᠭᠤᠷ ᠠᠮᠢᠰᠬᠤᠯ ᠢ ᠨᠡᠩ ᠬᠦᠨ ᠵᠤᠵᠠᠭᠠᠨ ᠪᠤᠯᠭᠠᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠪᠡᠶᠡᠯᠡᠭᠦᠯᠬᠦ ᠳᠤ ᠡᠴᠤᠰ ᠲᠡᠭᠡᠨ ᠨᠢᠭᠡ ᠨᠢᠭᠡ ᠪᠤᠳᠠᠳᠠᠢ ᠲᠦᠷᠦᠯ ᠵᠦᠢᠯ ᠳᠤ ᠨᠡᠶᠢᠳᠡᠪᠦᠷᠢᠵᠢᠭᠤᠯᠬᠤ ᠪᠤᠯᠤᠨ᠎ᠠ᠃ ᠪᠡᠯᠡ ᠤᠷᠤᠭᠤᠯᠬᠤ ᠭᠤᠤᠯ ᠴᠤᠬᠴᠠ ᠶᠢᠨ ᠤᠯᠠᠨ ᠡᠰᠢᠴᠢᠯᠡᠭᠦ᠂ ᠪᠡᠯᠡ ᠨᠡᠶᠢᠯᠡᠭᠦᠯᠭᠦ ᠠᠷᠭ᠎ᠠ ᠵᠠᠮ ᠤᠨ ᠤᠯᠠᠨ ᠶᠠᠩᠵᠤᠴᠢᠯᠠᠬᠤ ᠶᠢ ᠪᠠᠷᠢᠮᠳᠠᠯᠠᠨ᠂ ᠴᠢᠬᠤᠯᠠ ᠶᠡᠭᠡ ᠲᠦᠷᠦᠯ ᠵᠦᠢᠯ ᠤᠨ ᠭᠤᠷᠪᠠᠨ ᠵᠢᠯ ᠤᠨ ᠪᠡᠯᠡ ᠤᠷᠤᠭᠤᠯᠤᠯᠳᠠ ᠶᠢᠨ ᠦᠷᠭᠦᠯᠵᠢᠯᠡᠭᠰᠡᠨ ᠲᠦᠯᠦᠪᠯᠡᠭᠡ ᠶᠢ ᠶᠡᠭᠡᠪᠡᠷ ᠬᠡᠷᠡᠭᠵᠢᠭᠦᠯᠵᠤ᠂ ᠲᠦᠷᠦᠯ ᠵᠦᠢᠯ ᠢ ᠶᠡᠭᠡᠪᠡᠷ ᠠᠳᠬᠤᠨ᠂ ᠶᠡᠭᠡ ᠲᠦᠷᠦᠯ ᠵᠦᠢᠯ ᠢ ᠠᠳᠬᠤᠵᠤ᠂ ᠰᠠᠶᠢᠨ ᠲᠦᠷᠦᠯ ᠵᠦᠢᠯ ᠢ ᠠᠳᠬᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠮᠵᠢ ᠪᠠᠷ ᠴᠢᠨᠠᠷ ᠰᠠᠶᠢᠳᠠᠢ ᠬᠦᠭᠵᠢᠯᠳᠡ ᠶᠢᠨ ᠦᠨᠳᠦᠰᠦᠨ ᠰᠠᠭᠤᠷᠢ ᠶᠢ ᠪᠠᠬᠢᠵᠢᠭᠦᠯᠭᠦ ᠬᠡᠷᠡᠭᠳᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠤᠬᠰᠤᠴᠠ ᠪᠠᠨ ᠦᠨᠳᠦᠷᠵᠢᠭᠦᠯᠦᠨ᠂ ︽ᠲᠦᠷᠪᠡᠨ ᠤᠬᠠᠮᠰᠠᠷ︾ ᠢ ᠳᠡᠭᠡᠭᠰᠢᠯᠡᠭᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠲᠤᠬᠠᠢ ᠶᠡᠷᠦᠩᠬᠡᠢ ᠱᠦᠵᠢ ᠶᠢᠨ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠰᠢᠨ᠎ᠠ ᠬᠦᠭᠵᠢᠯᠳᠡ ᠶᠢᠨ  ᠣᠨᠣᠯᠵᠢᠬᠤᠨ ᠢ ᠪᠠᠳᠤ ᠪᠠᠬᠢ ᠪᠤᠢ ᠪᠤᠯᠭᠠᠨ᠂ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠦᠨᠡᠨᠭᠦ ᠰᠠᠶᠢᠳᠤᠷ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠬᠦᠴᠦᠯᠡᠨ ᠠᠬᠢᠭᠤᠯᠬᠤ ᠬᠡᠷᠡᠭᠳᠡᠢ᠃ ᠰᠠᠶᠢᠳᠤᠷ ᠲᠦᠯᠦᠪᠵᠢᠭᠦᠯᠦᠭᠡᠳ ᠬᠢᠬᠦ ᠶᠢ ᠪᠠᠷᠢᠮᠳᠠᠯᠠᠨ᠂ ᠦᠪᠦᠷ ᠮᠤᠩᠭᠤᠯ ᠤᠨ ᠪᠤᠳᠠᠳᠤ ᠪᠠᠶᠢᠳᠠᠯ ᠠᠴᠠ ᠡᠭᠦᠰᠴᠤ᠂ ᠴᠢᠨᠠᠷ ᠰᠠᠶᠢᠳᠠᠢ ᠬᠦᠭᠵᠢᠯᠳᠡ ᠶᠢ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠦᠨ ᠠᠬᠢᠭᠤᠯᠵᠤ᠂ ᠬᠢᠬᠦ ᠴᠢᠬᠤᠯᠠᠳᠠᠢ   ᠶᠢ ᠨᠢ ᠬᠢᠵᠤ ᠬᠢᠬᠦ ᠴᠢᠬᠤᠯᠠ ᠦᠭᠡᠢ ᠶᠢ ᠨᠢ ᠬᠢᠭᠦ ᠦᠭᠡᠢ ᠪᠠᠶᠢᠬᠤ ᠬᠡᠷᠡᠭᠳᠡᠢ᠃ ︽ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ︾ ᠢ ᠡᠷᠡᠰ ᠰᠠᠶᠢᠳᠤᠷ ᠬᠢᠵᠤ᠂ ᠪᠦᠬᠦ ᠤᠯᠤᠰ ᠲᠠᠢ ᠵᠡᠷᠬᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠤᠳᠤᠬᠠᠨ ᠳᠤ᠂ ᠠᠶᠤᠯ ᠦᠭᠡᠢ ᠦᠢᠯᠡᠳᠪᠦᠷᠢᠯᠡᠯ᠂ ᠦᠶᠠᠷ ᠢ ᠰᠡᠷᠬᠡᠶᠢᠯᠡᠭᠦ ᠪᠠ ᠤᠢ ᠰᠢᠭᠤᠢ ᠨᠤᠳᠤᠭ ᠪᠡᠯᠴᠢᠭᠡᠷ  ᠤᠨ ᠲᠦᠢᠮᠡᠷ ᠢ ᠰᠡᠷᠬᠡᠶᠢᠯᠡᠭᠦ ᠠᠵᠢᠯ ᠢ ᠰᠠᠶᠢᠳᠤᠷ ᠠᠳᠬᠤᠵᠤ᠂ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号