ᠮᠠᠨ ᠤ ᠣᠷᠣᠨ ᠤ ᠶᠡᠬᠡᠩᠬᠢ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2018/5/25
     ᠪᠦᠬᠦ ᠣᠷᠣᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠢ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 5 ᠳ᠋ᠤᠭᠠᠷ ᠰᠠᠷ᠎ᠠ ᠶᠢᠨ ᠡᠬᠢ ᠪᠣᠯᠲᠠᠯ᠎ᠠ᠂ ᠮᠠᠨ ᠤ ᠣᠷᠣᠨ ᠤ ᠶᠡᠬᠡᠩᠬᠢ ᠭᠠᠵᠠᠷ ᠤᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠰᠠᠶᠢᠨ ᠪᠠᠶᠢᠨ᠎ᠠ᠃ ᠲᠠᠯ᠎ᠠ ᠨᠤᠲᠤᠭ ᠤᠨ ᠠᠮᠢ ᠠᠬᠤᠶ ᠶᠢᠨ ᠡᠬᠢ ᠪᠠᠶᠠᠯᠢᠭ ᠤᠨ ᠪᠠᠶᠢᠳᠠᠯ ᠪᠠ ᠲᠠᠯ᠎ᠠ ᠨᠤᠲᠤᠭ ᠤᠨ ᠨᠣᠭᠤᠭᠠᠷᠠᠬᠤ ᠴᠠᠭ ᠬᠤᠭᠤᠴᠠᠭ᠎ᠠ ᠶᠢᠨ ᠬᠥᠳᠡᠯᠦᠩᠭᠦᠶ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠲᠠᠯ᠎ᠠ ᠨᠤᠲᠤᠭ ᠤᠨ ᠮᠡᠳᠡᠭᠡ ᠵᠠᠩᠭᠢ ᠶᠢ ᠣᠨᠣᠪᠴᠢᠲᠠᠶ ᠪᠠᠷ ᠨᠡᠶᠢᠲᠡᠯᠡᠨ᠂ ᠲᠠᠯ᠎ᠠ ᠨᠤᠲᠤᠭ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠬᠠᠶᠢᠨ ᠪᠠᠶᠢᠴᠠᠭᠠᠬᠤ ᠲᠥᠯᠥᠪᠵᠢᠭᠦᠯᠭᠡ ᠶᠢᠨ ᠬᠦᠷᠢᠶᠡᠯᠡᠩ ᠡᠯ᠎ᠡ ᠱᠠᠲᠤᠨ ᠤ ᠲᠠᠯ᠎ᠠ ᠨᠤᠲᠤᠭ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠯ᠎ᠠ ᠨᠤᠲᠤᠭ ᠤᠨ ᠠᠵᠢᠯ ᠤᠨ ᠦᠷᠳᠡᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠠᠯᠤᠰ ᠰᠡᠷᠡᠯ ᠤᠨ ᠮᠡᠷᠭᠡᠵᠢᠯ ᠳᠤ ᠰᠠᠭᠤᠷᠢᠯᠠᠵᠤ᠂ ᠨᠡᠶᠢᠲᠡᠯᠢᠭ ᠬᠤᠰᠢᠭᠤ ᠰᠢᠶᠠᠨ ᠤ ᠭᠠᠵᠠᠷ ᠤᠨ ᠭᠠᠳᠠᠷᠭᠤ ᠶᠢᠨ ᠪᠠᠶᠢᠴᠠᠭᠠᠯᠲᠠ ᠪᠠ ᠴᠠᠭ ᠠᠭᠤᠷ ᠤᠨ ᠮᠠᠲ᠋ᠧᠷᠢᠶᠠᠯ ᠲᠠᠢ ᠤᠶᠠᠯᠳᠤᠭᠤᠯᠵᠤ᠂ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠡᠢ᠃      ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠮᠠᠨ ᠤ ᠣᠷᠣᠨ ᠤ ᠬᠠᠪᠤᠷ ᠤᠨ ᠡᠬᠢᠨ ᠤ ᠬᠤᠭᠤᠴᠠᠭᠠᠨ  ᠳᠠᠬᠢ ᠳᠤᠮᠳᠠᠴᠢ ᠳᠤᠯᠠᠭᠠᠨ ᠤ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠋ᠠᠨ ᠥᠨᠳᠥᠷ ᠪᠠᠶᠢᠵᠤ᠂ ᠬᠤᠷ᠎ᠠ ᠲᠤᠨᠳᠠᠰᠤ ᠡᠩ ᠤᠨ ᠵᠢᠯ ᠲᠠᠢ ᠠᠳᠠᠯᠢ ᠪᠠᠶᠢᠵᠤ᠂ ᠲᠠᠯ᠎ᠠ ᠨᠤᠲᠤᠭ ᠤᠨ ᠨᠣᠭᠤᠭᠠᠷᠠᠯᠲᠠ ᠳᠤ ᠠᠰᠢᠭᠲᠠᠢ ᠪᠣᠯᠵᠠᠢ᠃ ᠵᠡᠭᠦᠨ ᠪᠡᠶ᠎ᠡ ᠶᠢᠨ ᠭᠠᠵᠠᠷ ᠣᠷᠣᠨ ᠳᠤ ᠬᠥᠯᠥᠨ ᠪᠤᠶᠢᠷ ᠬᠤᠲᠠ ᠶᠢᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠨᠢ ᠡᠩ ᠤᠨ ᠵᠢᠯ ᠤᠨ ᠬᠢ ᠲᠠᠢ ᠠᠳᠠᠯᠢ ᠪᠠᠶᠢᠨ᠎ᠠ︔ ᠬᠢᠩᠭᠠᠨ ᠠᠶᠢᠮᠠᠭ᠂ ᠲᠦᠩᠯᠢᠶᠣᠤ ᠬᠤᠲᠠ ᠳᠤ ᠬᠤᠷ᠎ᠠ ᠲᠣᠨᠣᠳᠠᠰᠤ ᠪᠠᠭᠠᠳᠠᠵᠤ᠂ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠦᠬᠦᠯᠢ ᠴᠣᠭᠴᠠ ᠶᠢᠨ ᠪᠠᠶᠢᠳᠠᠯ ᠨᠢ ᠡᠩ ᠤᠨ ᠵᠢᠯ ᠠᠴᠠ ᠠᠨᠢ ᠪᠠᠶᠢᠨ᠎ᠠ︔ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤᠨ ᠳᠤ ᠬᠠᠪᠤᠷ ᠠᠴᠠ ᠨᠠᠰᠢ ᠬᠤᠷ᠎ᠠ ᠲᠣᠨᠣᠳᠠᠰᠤ ᠪᠠᠭᠠᠳᠠᠵᠤ᠂ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠦᠬᠦᠯᠢ ᠴᠣᠭᠴᠠ ᠶᠢᠨ ᠪᠠᠶᠢᠳᠠᠯ ᠨᠢ ᠡᠩ ᠤᠨ ᠵᠢᠯ ᠠᠴᠠ ᠠᠨᠠᠶ ᠪᠠᠶᠢᠨ᠎ᠠ᠃ ᠳᠤᠮᠳᠠ ᠪᠡᠶ᠎ᠡ ᠶᠢᠨ ᠭᠠᠵᠠᠷ ᠣᠷᠣᠨ ᠳᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠤᠶᠢᠲᠤ ᠬᠡᠰᠡᠭ ᠤᠨ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤᠨ ᠤ ᠬᠤᠶᠢᠲᠤ ᠬᠡᠰᠡᠭ ᠵᠢᠴᠢ ᠰᠥᠨᠢᠳ ᠪᠠᠷᠠᠭᠤᠨ ᠬᠤᠰᠢᠭᠤᠨ ᠤ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠪᠠᠷᠤᠭᠲᠠᠶ ᠪᠠᠶᠢᠬᠤ ᠶᠢ ᠭᠠᠷᠭᠠᠪᠠᠯ᠂ ᠪᠤᠰᠤᠳ ᠭᠠᠵᠠᠷ ᠣᠷᠣᠨ ᠤ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠨᠢ ᠶᠡᠷᠦᠩᠬᠡᠶ ᠳᠡᠭᠡᠨ ᠰᠠᠶᠢᠨ ᠪᠠᠶᠢᠨ᠎ᠠ︔ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠶᠢᠲᠤ ᠬᠡᠰᠡᠭ ᠤᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠪᠠᠶᠢᠳᠠᠯ ᠪᠠᠷᠤᠭᠲᠠᠶ ᠪᠠᠶᠢᠵᠤ᠂ ᠪᠤᠰᠤᠳ ᠭᠠᠵᠠᠷ ᠤᠨ ᠬᠢᠨᠢ ᠲᠦᠷᠦᠭᠦᠦ ᠵᠢᠯ ᠲᠠᠢ ᠠᠳᠠᠯᠢ ᠪᠠᠶᠢᠨ᠎ᠠ︔ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ ᠡᠮᠦᠨᠡᠲᠦ ᠬᠡᠰᠡᠭ ᠤᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠬᠤᠭᠤᠴᠠᠭ᠎ᠠ ᠨᠢ ᠡᠩ ᠤᠨ ᠵᠢᠯ ᠠᠴᠠ 5 ᠡᠳᠦᠷ ᠤᠷᠢᠳᠴᠢᠯᠠᠪᠠ᠃ ᠪᠠᠷᠠᠭᠤᠨ ᠪᠡᠶ᠎ᠡ ᠶᠢᠨ ᠭᠠᠵᠠᠷ ᠣᠷᠣᠨ ᠳᠤ᠂ ᠪᠠᠶᠠᠨᠨᠠᠭᠤᠷ ᠬᠤᠲᠠ ᠶᠢᠨ ᠲᠠᠯ᠎ᠠ ᠨᠤᠲᠤᠭ ᠤᠨ ᠨᠣᠭᠤᠭᠠᠷᠠᠯᠲᠠ ᠶᠢᠨ ᠬᠤᠭᠤᠴᠠᠭ᠎ᠠ ᠨᠢ ᠡᠩ ᠤᠨ ᠵᠢᠯ ᠠᠴᠠ 10 ᠡᠳᠦᠷ ᠣᠷᠴᠢᠮ ᠬᠤᠶᠢᠰᠢᠯᠠᠵᠠᠢ︔ ᠣᠷᠳᠣᠰ ᠬᠤᠲᠠ ᠶᠢᠨ ᠶᠡᠷᠦᠩᠬᠡᠶ ᠨᠣᠭᠤᠭᠠᠷᠠᠯᠲᠠ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ︔ ᠠᠯᠠᠱᠠ ᠠᠶᠢᠮᠠᠭ ᠲᠤ ᠬᠠᠪᠤᠷ ᠠᠴᠠ ᠨᠠᠰᠢ ᠬᠥᠷᠥᠰᠥ ᠰᠢᠷᠣᠶ ᠶᠢᠨ ᠴᠢᠬᠢᠭ ᠤᠨ ᠬᠡᠮᠵᠢᠶ᠎ᠡ ᠨᠡᠯᠢᠶᠡᠳ ᠰᠠᠶᠢᠨ ᠪᠠᠶᠢᠵᠤ᠂ ᠲᠠᠯ᠎ᠠ ᠨᠤᠲᠤᠭ ᠤᠨ ᠨᠣᠭᠤᠭᠠᠷᠠᠯᠲᠠ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 5 ᠡᠳᠦᠷ ᠣᠷᠴᠢᠮ ᠤᠷᠢᠳᠴᠢᠯᠠᠵᠤ᠂ ᠶᠡᠬᠡᠩᠬᠢ ᠭᠠᠵᠠᠷ ᠤᠨ ᠨᠣᠭᠤᠭᠠᠷᠠᠯᠲᠠ ᠶᠢᠨ ᠨᠣᠷᠮ᠎ᠠ ᠨᠢ 80% ᠠᠴᠠ ᠳᠡᠭᠡᠭᠰᠢ ᠳᠤ ᠬᠦᠷᠴᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号