2018 ᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠰᠠᠶᠢᠲᠤᠷ ᠬᠢᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-05-28
                      ᠦᠪᠦᠷ ᠵᠠᠰᠠᠭ ᠠᠯᠪᠠᠨ ᠥᠰᠥᠭ ﹇2018﹈ 2 ᠳ᠋ᠤᠭᠠᠷ ᠲᠤᠭᠠᠳᠤ                              1 ᠳ᠋ᠤᠭᠡᠷ ᠰᠠᠷ᠎ᠠ ᠶᠢᠨ 16᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠣᠯᠢ︾ ᠪᠣᠯᠣᠨ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠣᠯᠢ﹀᠎ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠨ ᠦᠷᠨᠢᠭᠦᠯᠦᠭᠰᠡᠨ ᠤᠷᠲᠤ ᠬᠤᠭᠤᠴᠠᠭᠠᠨ ᠤ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯ ᠲᠠᠢ ᠬᠥᠮᠥᠰ ᠤᠨ ᠢᠳᠡᠪᠬᠢᠲᠡᠢ ᠣᠷᠣᠯᠴᠠᠯᠭ᠎ᠠ ᠳᠣᠣᠷ᠎ᠠ᠂ 2017 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ ᠪᠦᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠬᠠᠶᠢᠷ᠎ᠠ ᠬᠠᠯᠠᠮᠵᠢᠯᠠᠯ ᠬᠦᠷᠲᠡᠭᠡᠬᠦ᠂ ᠶᠠᠳᠠᠭᠤ ᠬᠦᠴᠢᠷᠳᠡᠯᠲᠡᠢ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ ︽ᠬᠠᠷᠠᠭ᠎ᠠ ᠣᠷᠣᠭᠤᠯᠬᠤ ᠠᠶᠠᠯᠠᠯ︾᠂ ᠲᠦᠭᠡᠮᠡᠯ ᠬᠠᠶᠢᠷ᠎ᠠ ᠶᠢᠨ ᠭᠡᠷ ᠣᠷᠣᠨ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠬ ᠵᠡᠷᠭᠡ ᠬᠥᠮᠥᠡᠯᠢᠭ ᠤᠨ ᠠᠪᠤᠷᠠᠨ ᠲᠤᠰᠠᠯᠠᠬᠤ ᠲᠦᠷᠦᠯ ᠵᠦᠢᠯ ᠪᠣᠯᠣᠨ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠳᠤ 8680 ᠲᠦᠮᠡᠨ ᠲᠦᠬᠦᠷᠢᠭ ᠣᠷᠴᠢᠮ ᠪᠡᠯᠡ ᠮᠥᠩᠭᠦ ᠣᠷᠣᠭᠤᠯᠵᠤ᠂ ᠡᠯ᠎ᠡ ᠲᠦᠷᠦᠯ ᠤᠨ ᠣᠨᠴᠠ ᠬᠦᠴᠢᠷᠳᠡᠯᠲᠡᠶ ᠤᠯᠠᠨ ᠲᠦᠮᠡᠨ ᠢ 81.2 ᠲᠦᠮᠡᠨ ᠬᠥᠮᠦᠨ ︵ᠤᠳᠠᠭ᠎ᠠ ︶ ᠠᠪᠤᠷᠠᠨ ᠲᠤᠰᠠᠯᠠᠵᠤ᠂ ᠨᠡᠶᠢᠭᠡᠮ ᠤᠨ ᠬᠦᠴᠦᠨ ᠢ ᠳᠠᠶᠢᠴᠢᠯᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ 2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄      ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠡᠭᠡᠨ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢᠴᠡᠳ ᠪᠤᠰᠤ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠵᠤ ᠬᠤᠪᠢᠷᠠᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠲᠤᠰᠠ ᠣᠯᠭᠤᠬᠤ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠳᠠᠬᠢ ᠵᠣᠪᠠᠭᠤᠷᠢ ᠵᠦᠳᠡᠭᠦᠷᠢ ᠶᠢ ᠢᠯᠡᠭᠦᠬᠡᠨ ᠰᠢᠢᠳᠪᠦᠷᠢᠯᠡᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠡᠩ ᠶᠡᠭᠡ ᠬᠦᠷᠲᠡᠭᠡᠯ ᠤᠨ ᠲᠦᠷᠦᠭᠳᠡᠯ ᠲᠠᠢ ᠪᠣᠯᠬᠤ ᠶᠢ ᠪᠠᠲᠤᠯᠠᠨ᠎ᠠ ᠭᠡᠵᠦ ᠳᠤᠷᠠᠳᠪᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠦᠷᠨᠢᠭᠦᠯᠬᠦ ᠨᠢ᠂ ᠨᠡᠶᠢᠭᠡᠮ ᠤᠨ ᠬᠦᠴᠦᠨ ᠢ ᠥᠷᠭᠡᠨ ᠢᠶᠠᠷ ᠲᠡᠶᠢᠴᠢᠯᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠣᠷᠣᠯᠴᠠᠬᠤ ᠳᠤ ᠠᠰᠢᠭᠲᠠᠢ ᠪᠠᠶᠢᠵᠤ᠂ ᠠᠷᠠᠳ ᠤᠨ ᠠᠮᠢᠳᠤᠷᠠᠯ ᠳᠠᠬᠢ ᠲᠤᠲᠠᠭᠤᠳᠠᠯ ᠢ ᠨᠥᠬᠦᠪᠦᠷᠢᠯᠡᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠦᠵᠡᠯ ᠰᠠᠨᠠᠭᠠᠨ ᠤ ᠲᠠᠨᠢᠯᠲᠠ ᠪᠣᠯᠣᠨ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠢᠶᠠᠨ ᠤᠶᠤᠨ ᠤ ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡᠳᠦᠯᠲᠡᠶ ᠪᠠᠶᠢᠷᠢᠯᠠᠭᠤᠯᠬᠤ᠂ ᠱᠠᠳᠤ ᠬᠤᠪᠢᠶᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠱᠠᠳᠤ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ 2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠦᠷᠨᠢᠭᠦᠯᠬᠦ ᠬᠡᠷᠡᠭᠲᠡᠢ᠃      ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠴᠤᠭᠯᠠᠭᠤᠯᠵᠤ ᠬᠠᠨᠳᠢᠪᠯᠠᠭᠰᠠᠨ ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠤᠨ ᠬᠡᠷᠡᠭᠯᠡᠬᠦ ᠬᠡᠷᠡᠭᠲᠡᠢ      ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠳ ᠴᠤᠭᠯᠠᠭᠤᠯᠵᠤ ᠬᠠᠨᠳᠢᠪᠯᠠᠭᠰᠠᠨ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠤᠨ ᠬᠡᠷᠡᠭᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ 20%᠎ ᠶᠢᠨ ᠪᠡᠯᠡ ᠮᠥᠩᠭᠦ ᠶᠢ ᠭᠠᠮᠰᠢᠭ ᠲᠤ ᠪᠡᠯᠡᠳᠬᠡᠬᠦ ᠪᠠ ᠭᠠᠮᠰᠢᠭ ᠠᠴᠠ ᠠᠪᠤᠷᠠᠬᠤ ᠬᠠᠳᠠᠭᠠᠯᠠᠮᠵᠢ ᠶᠢᠨ ᠮᠥᠩᠭᠦ ᠳᠤ ᠬᠡᠷᠡᠭᠯᠡᠨ᠂ 30%᠎ ᠶᠢᠨ ᠪᠡᠯᠡ ᠮᠥᠩᠭᠦ ᠶᠢ ᠬᠥᠮᠦᠯᠢᠭ ᠢᠶᠠᠷ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ ᠶᠢᠨ ᠬᠠᠮᠲᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ ᠢᠶᠠᠷ ᠲᠦᠭ ᠲᠦᠮᠡᠨ ᠠᠶᠢᠯ ᠡᠷᠦᠬᠡ ᠶᠢ ᠬᠠᠯᠠᠮᠵᠢᠯᠠᠨᠠᠮ︾ ᠵᠡᠷᠭᠡ ᠨᠡᠷᠡᠲᠦ ᠲᠥᠷᠥᠯ ᠲᠡᠮᠳᠡᠭᠲᠦ ᠠᠪᠤᠷᠠᠨ ᠲᠤᠰᠠᠯᠠᠯᠲᠠ ᠶᠢᠨ ᠲᠥᠷᠥᠯ ᠵᠦᠢᠯ ᠢ ᠥᠷᠭᠦᠯᠵᠢᠯᠡᠨ ᠪᠠᠬᠢᠵᠢᠭᠦᠯᠬᠦ ᠳᠤ ᠬᠡᠷᠡᠭᠯᠡᠵᠦ᠂ 50%᠎ ᠶᠢᠨ ᠪᠡᠯᠡ ᠮᠥᠩᠭᠦ ᠶᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠵᠣᠷᠢᠯᠲᠠ ᠳᠤ ᠨᠡᠶᠢᠴᠡᠬᠦ ᠥᠪᠥᠷ ᠮᠣᠩᠭᠤᠯ ᠤᠨ ︽ᠬᠠᠷᠠᠭ᠎ᠠ ᠣᠷᠣᠭᠤᠯᠬᠤ ᠠᠶᠠᠯᠠᠯ︾ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠬ ᠤᠨ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠳᠤ ᠬᠡᠷᠡᠭᠯᠡᠨ᠎ᠡ᠃ ᠨᠡᠶᠢᠲᠡ ᠶᠢᠨ ᠢᠲᠡᠭᠡᠮᠵᠢ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠤᠭᠯᠠᠭᠤᠯᠵᠤ ᠬᠠᠨᠳᠢᠪᠯᠠᠭᠰᠠᠨ ᠵᠣᠭᠤᠰ ᠢ ᠬᠦᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠶᠢ ᠡᠷᠡᠰ ᠴᠢᠩᠭ᠎ᠠ ᠰᠠᠶᠢᠲᠤᠷ ᠬᠢᠨ᠎ᠡ᠃ ᠳᠣᠲᠣᠭᠠᠳᠤ ᠶᠢᠨ ᠥᠪᠡᠷ ᠢ ᠪᠠᠨ ᠡᠵᠡᠮᠳᠡᠬᠦ ᠲᠣᠭᠲᠠᠴᠠ ᠶᠢ ᠴᠢᠩᠭᠠᠳᠬᠠᠵᠤ᠂ ᠠᠵᠢᠯ ᠤᠨ ᠢᠯᠡ ᠲᠣᠳᠣ ᠪᠠᠶᠢᠯᠭᠠᠬᠤ ᠬᠡᠮᠵᠢᠶ᠎ᠡ ᠶᠢ ᠨᠡᠮᠡᠭᠳᠡᠭᠦᠯᠦᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠧᠯᠸᠢᠰ᠂ ᠰᠣᠨᠢᠨ ᠮᠡᠳᠡᠭᠡ᠂ ᠰᠦᠯᠵᠢᠶ᠎ᠡ ᠵᠡᠷᠭᠡ ᠵᠠᠭᠤᠴᠢᠯᠠᠭᠤᠷ ᠳᠡᠭᠡᠷ᠎ᠡ ᠴᠤᠭᠯᠠᠭᠤᠯᠵᠤ ᠬᠠᠨᠳᠢᠪᠯᠠᠭᠰᠠᠨ ᠵᠣᠭᠤᠰ ᠤᠨ ᠬᠦᠯᠢᠶᠡᠨ ᠠᠪᠴᠤ ᠬᠡᠷᠡᠭᠯᠡᠭᠰᠡᠨ ᠪᠠᠶᠢᠳᠠᠯ ᠢ ᠴᠠᠭ ᠲᠣᠬᠠᠢ ᠳᠤᠨᠢ ᠨᠡᠶᠢᠲᠡᠯᠡᠵᠦ᠂ ᠬᠠᠨᠳᠢᠪ ᠡᠷᠭᠦᠭᠰᠡᠳ ᠢ ᠰᠠᠨᠠᠭ᠎ᠠ ᠠᠮᠤᠷ᠂ ᠬᠠᠨᠳᠢᠪ ᠡᠷᠭᠦᠭᠰᠡᠳ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠬᠤ ᠠᠷᠭ᠎ᠠ ᠪᠠᠨ ᠢᠳᠡᠪᠬᠢᠲᠡᠢ ᠰᠢᠨ᠎ᠡ ᠪᠠᠷ ᠡᠭᠦᠳᠴᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠨ᠂ ᠪᠡᠯᠡ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠲᠠᠶᠢᠴᠢᠯᠠᠨ ᠤᠯᠠᠨ ᠵᠦᠢᠯ ᠤᠨ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠬᠠᠮᠤᠭ ᠠᠴᠠ ᠠᠪᠤᠷᠠᠨ ᠲᠤᠰᠠᠯᠠᠭᠤᠯᠬᠤ ᠬᠡᠷᠡᠭᠴᠡᠭᠡ ᠲᠠᠢ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠨ᠂ ᠪᠤᠶᠠᠨ ᠢᠪᠡᠭᠡᠯ ᠤᠨ ᠵᠣᠭᠤᠰ ᠢ ᠰᠠᠶᠢᠲᠤᠷ ᠬᠡᠷᠡᠭᠯᠡᠵᠦ᠂ ᠰᠠᠶᠢᠨ ᠶᠠᠪᠤᠳᠠᠯ ᠢ ᠰᠠᠶᠢᠲᠤᠷ ᠪᠦᠲᠦᠭᠡᠵᠦ᠂ ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠠᠳᠠᠯᠢ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠨᠳᠢᠪ ᠤᠨ ᠵᠣᠭᠤᠰ ᠢ ᠬᠦᠯᠢᠶᠡᠨ ᠠᠪᠴᠤ ᠬᠠᠮᠢᠶᠠᠷᠬᠤ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠬᠢᠨᠠᠨ ᠪᠣᠳᠣᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢᠨ ᠨᠡᠶᠢᠲᠡ ᠶᠢᠨ ᠢᠲᠡᠭᠡᠮᠵᠢ ᠶᠢᠨ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠤᠬᠠᠭᠤᠯᠬᠤ ᠠᠵᠢᠯ ᠢ ᠴᠢᠩᠭᠠᠳᠬᠠᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠦᠬᠦ ᠨᠡᠶᠢᠭᠡᠮ ᠳᠤ ᠬᠥᠮᠥᠨ ᠪᠦᠬᠦᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ ᠬᠥᠮᠥᠨ ᠪᠦᠬᠦᠨ ᠢᠪᠡᠭᠡᠯ ᠬᠠᠶᠢᠷ᠎ᠠ ᠪᠠᠨ ᠬᠠᠨᠳᠢᠪᠯᠠᠬᠤ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠰᠠᠨᠠᠭᠠᠴᠢᠯᠠᠨ᠂ ᠴᠤᠭᠯᠠᠭᠤᠯᠵᠤ ᠬᠠᠨᠳᠢᠪᠯᠠᠬᠤ ᠠᠵᠢᠯᠯᠠᠭ᠎ᠠ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠶᠡᠬᠡᠪᠡᠷ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠥᠨ ᠵᠢᠯᠣᠭᠤᠳᠬᠤ ᠬᠡᠷᠡᠭᠲᠡᠢ᠃ ᠠᠭᠤᠯᠭ᠎ᠠ ᠪᠠᠷ ᠡᠯᠪᠡᠭ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠰᠢᠷᠢᠰ ᠤᠬᠠᠭᠤᠯᠬᠤ ᠠᠵᠢᠯᠯᠠᠭ᠎ᠠ ᠶᠢ ᠨᠢᠮᠪᠠᠢ ᠤᠬᠠᠭᠠᠯᠠᠨ ᠲᠥᠯᠥᠪᠯᠡᠵᠦ ᠲᠥᠪᠯᠡᠷᠡᠭᠦᠯᠦᠨ ᠵᠣᠬᠢᠶᠠᠨ ᠪᠠᠶᠢᠭᠤᠯᠤᠨ ᠦᠷᠨᠢᠭᠦᠯᠵᠦ᠂ ᠢᠪᠡᠭᠡᠯ ᠬᠠᠶᠢᠷ᠎ᠠ ᠪᠠᠨ ᠡᠷᠭᠦᠨ ᠬᠠᠨᠳᠢᠪᠯᠠᠬᠤ ᠠᠵᠢᠯᠯᠠᠭ᠎ᠠ ᠶᠢ ᠮᠠᠭᠲᠠᠨ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠣᠷᠣᠯᠴᠠᠬᠤ ᠤᠷᠮ᠎ᠠ ᠶᠢ ᠬᠥᠭᠵᠢᠭᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠨᠡᠷᠡᠲᠦ ᠲᠥᠷᠥᠯ ᠲᠡᠮᠳᠡᠭᠲᠦ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠯᠠᠰ ᠴᠢᠭ ᠪᠣᠯᠭᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠪᠤᠶᠠᠨ ᠤ ᠠᠵᠢᠯᠯᠠᠭ᠎ᠠ ᠶᠢᠨ ᠲᠤᠬᠠᠶ ᠤᠬᠠᠭᠤᠯᠭ᠎ᠠ ᠪᠣᠯᠣᠨ ᠳᠡᠮᠵᠢᠯᠭᠡ ᠶᠢᠨ ᠡᠷᠴᠢᠮ ᠢ ᠨᠡᠮᠡᠭᠳᠡᠭᠦᠯᠬᠦ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠬᠠᠮᠢᠶ᠎ᠠ ᠪᠦᠬᠦᠢ ᠵᠠᠷᠤᠳᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠬᠦ ᠬᠡᠷᠡᠭᠲᠡᠢ᠃      2018 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠨᠢ 9 ᠳ᠋ᠤᠭᠡᠷ ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠡ ᠨᠢ ᠬᠠᠨᠳᠢᠪᠯᠠᠭᠰᠠᠨ ᠵᠣᠭᠤᠰ ᠢᠶᠠᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ︵ᠬᠦᠬᠡᠬᠤᠲᠠ ᠶᠢᠨ ᠶᠢᠨ ᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠪᠠᠷᠠᠭᠤᠨ ᠬᠡᠰᠡᠭ︶᠎ ᠲᠤ ᠰᠢᠭᠤᠳ ᠲᠤᠰᠢᠶᠠᠨ᠎ᠠ᠂ ᠬᠠᠷᠢᠯᠴᠠᠬᠤ ᠬᠥᠮᠦᠨ᠄ ᠵᠢᠶᠠ ᠢᠤᠢ ᠮᠸᠢ᠂ ᠮᠧᠩ ᠵᠤᠤ ᠷᠦᠢ᠂ ᠬᠠᠷᠢᠯᠴᠠᠬᠤ ᠤᠲᠠᠰᠤ᠄ 4501204᠂ 4501210᠃ ᠳᠠᠩᠰᠠᠨ ᠡᠷᠦᠬᠡ ᠨᠡᠭᠡᠭᠡᠭᠰᠡᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠠᠩᠰᠠᠨ ᠡᠷᠦᠬᠡ ᠨᠡᠭᠡᠭᠡᠭᠰᠡᠨ ᠪᠠᠩᠬᠢ᠄ ᠳᠤᠮᠳᠠᠳᠤ ᠤᠯᠤᠰ ᠤᠨ ᠪᠠᠩᠬᠢ ᠶᠢᠨ ᠬᠥᠬᠡᠬᠤᠲᠠ ᠶᠢᠨ ᠢᠤᠶ ᠴᠢᠤᠸᠠᠨ ᠰᠠᠯᠪᠤᠷᠢ ᠪᠠᠩᠬᠢ ᠶᠢᠨ ᠡᠵᠡᠩᠨᠡᠬᠦ ᠭᠠᠵᠠᠷ᠂ ᠳᠠᠩᠰᠠᠨ ᠡᠷᠦᠬᠡ ᠶᠢᠨ ᠨᠣᠮᠧᠷ᠄ 1508326503217᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠠᠷᠢᠶ᠎ᠠ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠬᠠᠨᠳᠢᠪᠯᠠᠭᠰᠠᠨ ᠵᠣᠭᠤᠰ ᠢᠶᠠᠨ ᠲᠣᠬᠠᠢ ᠶᠢᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠰᠢᠭᠤᠳ ᠲᠤᠰᠢᠶᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号