ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2018/5/29
     5 ᠳ᠋ᠤᠭᠠᠷ ᠰᠠᠷ᠎ᠠ ᠶᠢᠨ 18᠎ ᠤ ᠡᠳᠦᠷ᠂ ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠥᠬᠡᠬᠤᠲᠠ ᠶᠢᠨ ᠰᠢᠨ᠎ᠡ ᠬᠤᠲᠠ ᠵᠣᠴᠢᠳ ᠤᠨ ᠪᠠᠭᠤᠳᠠᠯ ᠳᠤ ᠬᠤᠷᠠᠯᠳᠤᠪᠠ᠃ ᠬᠤᠷᠠᠯ ᠤᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠶ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ  ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠲᠤᠷᠰᠢᠯᠭ᠎ᠠ ᠪᠠᠨ ᠰᠣᠯᠢᠯᠴᠠᠨ᠂ ᠠᠰᠠᠭᠤᠳᠠᠯ ᠢ ᠪᠠᠶᠢᠴᠠᠭᠠᠨ ᠳᠡᠯᠭᠡᠵᠦ᠂ ᠬᠠᠷᠢᠭᠤᠴᠠᠯᠭ᠎ᠠ ᠶᠢ ᠳᠠᠭᠰᠢᠷᠠᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠤᠨ ᠳᠣᠬᠢᠷᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ᠂ ᠠᠯᠪᠠᠲᠠᠨ ᠤ ᠲᠣᠪᠴᠢᠶ᠎ᠠ ᠶᠢᠨ ᠳᠠᠷᠤᠭ᠎ᠠ ᠨᠠ ᠸᠧᠶ ᠴᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ ᠨᠠ ᠸᠧᠶ ᠴᠢᠩ ᠲᠢᠩᠬᠢᠮ ᠤᠨ ᠳᠠᠷᠤᠭ᠎ᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠬᠥᠮᠦᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ︽ᠣᠨᠣᠪᠴᠢᠲᠠᠢ ᠪᠠᠶᠢᠬᠤ︾ ᠠᠵᠢᠯ ᠢ ᠭᠦᠢᠴᠡᠳ ᠰᠠᠶᠢᠲᠤᠷ ᠬᠢᠵᠦ᠂ ᠠᠰᠠᠭᠤᠳᠠᠯ ᠢ ᠲᠣᠳᠣᠷᠬᠠᠶ ᠣᠨᠣᠪᠴᠢᠲᠠᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠣᠨᠣᠪᠴᠢᠲᠠᠢ ᠲᠡᠭᠦᠯᠳᠡᠷᠵᠢᠭᠦᠯᠦᠨ᠂ ᠲᠦᠷᠦ ᠶᠢᠨ ᠪᠤᠳᠤᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠠᠵᠢᠯ ᠣᠯᠭᠤᠵᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠰᠠᠭᠤᠳᠠᠯ ᠢ ᠲᠣᠳᠣᠷᠬᠠᠶ ᠣᠨᠣᠪᠴᠢᠲᠠᠢ ᠣᠶᠢᠯᠠᠭᠠᠬᠤ ᠲᠠᠯ᠎ᠠ ᠪᠠᠷ᠂ ᠨᠡᠶᠢᠭᠡᠮ ᠤᠨ ᠳᠠᠭᠠᠳᠬᠠᠯ ᠤᠨ ᠠᠵᠢᠯ ᠣᠯᠭᠤᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠢᠭᠡ ᠤᠳᠠᠭ᠎ᠠ ᠪᠦᠬᠦ ᠲᠠᠯ᠎ᠠ ᠪᠠᠷ ︽ᠬᠠᠮᠲᠤᠷᠠᠨ ᠣᠨᠣᠰᠢᠯᠠᠵᠤ︾᠂  ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠨᠢᠭᠡᠳ ᠨᠢᠭᠡ ᠪᠠᠷ ᠰᠤᠳᠤᠯᠵᠤ᠂ ᠡᠬᠢ ᠦᠨᠳᠦᠰᠦ ᠶᠢ ᠨᠢ ᠬᠠᠶᠢᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ  ᠲᠣᠭᠲᠠᠭᠠᠬᠤ ᠶᠢᠨ ᠬᠠᠮᠲᠤ  ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠰᠠᠭᠤᠳᠠᠯ ᠨᠢᠭᠡᠪᠦᠷᠢ ᠶᠢ ᠰᠢᠢᠳᠪᠦᠷᠢᠯᠡᠵᠦ᠂ ᠴᠡᠭᠴᠡᠯᠡᠨ ᠥᠭᠡᠷᠡᠴᠢᠯᠡᠭᠰᠡᠨ ᠪᠦᠬᠦᠨ ᠪᠣᠳᠠᠲᠤ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠣᠨᠣᠪᠴᠢᠲᠠᠢ ᠲᠡᠭᠦᠯᠳᠡᠷᠵᠢᠭᠦᠯᠬᠦ ᠲᠠᠯ᠎ᠠ ᠪᠠᠷ ᠲᠣᠭᠲᠠᠭᠠᠨ ᠨᠡᠶᠢᠲᠡᠯᠡᠵᠦ᠂ ᠨᠡᠶᠢᠭᠡᠮ ᠤᠨ ᠳᠠᠭᠠᠳᠬᠠᠯ ᠤᠨ ᠠᠵᠢᠯ ᠣᠯᠭᠤᠵᠤ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2018 ᠣᠨ - 2020 ᠣᠨ︶᠎ ᠶᠢ ᠲᠣᠭᠲᠠᠭᠠᠨ᠂ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯᠣᠨ ᠬᠠᠷᠠᠯᠲᠠᠲᠤ ᠡᠭᠦᠷᠭᠡ ᠶᠢ ᠳᠤᠷᠠᠳᠴᠤ᠂ ᠨᠡᠩ ᠢᠯᠡᠭᠦᠦ ᠬᠠᠨᠳᠤᠯᠭᠠᠲᠤ ᠴᠢᠨᠠᠷᠲᠠᠶ᠂ ᠠᠵᠢᠯᠯᠠᠭᠤᠯᠬᠤ ᠴᠢᠨᠠᠷᠲᠠᠢ ᠪᠠ ᠪᠣᠳᠠᠲᠤ ᠦᠷ᠎ᠡ ᠪᠦᠲᠦᠮᠵᠢᠲᠡᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠨᠡᠶᠢᠭᠡᠮ ᠤᠨ ᠳᠠᠭᠠᠳᠬᠠᠯ ᠤᠨ ᠠᠵᠢᠯ ᠣᠯᠭᠤᠵᠤ ᠶᠠᠳᠠᠭᠤ ᠶᠢ ᠲᠡᠳᠬᠦᠬᠦ ᠠᠵᠢᠯ ᠢ ᠨᠡᠩ ᠰᠠᠶᠢᠲᠤᠷ ᠲᠦᠯᠬᠢᠨ ᠠᠬᠢᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠬᠤ ᠲᠠᠯ᠎ᠠ ᠪᠠᠷ᠂ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠴᠢᠬᠤᠯᠠᠲᠠᠶ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ ᠶᠢ ᠲᠠᠬᠢᠭᠠᠳ ᠨᠢᠭᠡᠳ ᠨᠢᠭᠡ ᠪᠠᠷ ᠪᠠᠶᠢᠴᠠᠭᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠪᠠᠶᠢᠳᠠᠯ ᠵᠢᠴᠢ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠬᠤ ᠬᠡᠷᠡᠭᠲᠡᠶ᠃ ᠲᠣᠭᠲᠠᠭᠠᠭᠰᠠᠨ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠳᠤ᠂ ᠳᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ᠃ ᠡᠭᠦᠨ ᠤ ᠬᠠᠮᠲᠤ ᠭᠤᠣᠯᠳᠠᠯᠭ᠎ᠠ ᠪᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠳᠡᠭᠡᠷ᠎ᠡ ᠲᠠᠯᠪᠢᠵᠤ᠂ ᠶᠠᠳᠠᠭᠤᠷᠠᠭᠰᠠᠨ ᠰᠢᠯᠲᠠᠭᠠᠨ ᠳᠤᠨᠢ ᠴᠢᠭᠯᠡᠭᠦᠯᠦᠨ ︽ᠡᠮ ᠤᠨ ᠵᠣᠷ︾ ᠭᠠᠷᠭᠠᠵᠤ᠂ ᠲᠣᠰᠬᠤᠨ᠂ ᠡᠷᠦᠭᠡ᠂ ᠬᠥᠮᠦᠨ ᠳᠤᠨᠢ ᠲᠣᠬᠢᠷᠠᠭᠤᠯᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ᠂ ᠡᠯ᠎ᠡ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ᠂ ᠡᠯ᠎ᠡ ᠠᠶᠢᠮᠠᠭ ᠬᠤᠳᠠ ᠶᠢᠨ ᠠᠵᠢᠯ ᠣᠯᠭᠤᠬᠤ ᠲᠣᠪᠴᠢᠶ᠎ᠠ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠤᠨ ᠪᠦᠷᠢᠯᠳᠦᠬᠦᠨ᠂ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号