ᠤᠷᠳᠥᠰ ᠬᠤᠲᠠ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠢ ᠪᠠᠶᠢᠭᠤᠯᠪᠠ
ᠨᠡᠶᠢᠲᠡᠯᠡᠭᠰᠡᠨ ᠴᠠᠭ᠄
2018/5/29
     2018 ᠣᠨ ᠠᠴᠠ ᠨᠠᠰᠢ᠂ ᠣᠷᠳᠣᠰ ᠬᠤᠲᠠ ᠶᠢᠨ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ︽ᠲᠦᠷᠢᠮ ᠢᠶᠠᠷ ᠢᠯᠵᠠᠷᠠᠯ ᠢ ᠰᠡᠷᠭᠡᠶᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠢᠯᠵᠠᠷᠠᠯ ᠢ ᠰᠡᠷᠭᠡᠶᠢᠯᠡᠬᠦ᠂ ᠳᠡᠰ ᠳᠠᠷᠠᠭᠠᠯᠠᠯ ᠢᠶᠠᠷ ᠢᠯᠵᠠᠷᠠᠯ ᠢ ᠰᠡᠷᠭᠡᠶᠢᠯᠡᠬᠦ︾᠎ ᠪᠠᠷ ᠵᠠᠷᠴᠢᠮ ᠪᠤᠯᠭᠠᠨ᠂ ᠡᠯᠧᠺᠲᠷᠤᠨᠴᠢᠯᠠᠯᠲᠠ᠂ ᠰᠦᠯᠵᠢᠶᠡᠵᠢᠯᠳᠡ᠂ ᠮᠡᠳᠡᠭᠡ ᠵᠠᠩᠭᠢᠵᠢᠯᠲᠠ ᠪᠠᠷ ᠲᠦᠰᠢᠭ ᠪᠣᠯᠭᠠᠵᠤ᠂ ︽ᠲᠦᠷᠢᠮ + ᠰᠢᠨᠵᠢᠯᠡᠬᠦ ᠤᠬᠠᠭᠠᠨ ᠮᠡᠷᠭᠡᠵᠢᠯ︾᠎ ᠢᠶᠠᠷ ᠭᠤᠣᠯ ᠪᠣᠯᠭᠠᠭᠰᠠᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠵᠠᠷᠯᠠᠬᠤ ᠦᠨ᠎ᠡ ᠬᠠᠶᠠᠯᠴᠠᠨ ᠬᠤᠳᠠᠯᠳᠤᠨ ᠠᠪᠬᠤ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠪᠦᠭᠦ ᠣᠷᠣᠨ ᠳᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠦᠭᠭᠦ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠶᠢ ᠬᠠᠮᠤᠭ ᠤᠨ ᠲᠦᠷᠦᠭᠦᠨ ᠳᠤ ᠪᠡᠶᠡᠯᠡᠭᠦᠯᠪᠡ᠃ ᠲᠤᠰ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠳᠤ᠂ ᠰᠢᠯᠵᠢᠭᠦᠯᠦᠨ ᠥᠭᠭᠦᠭᠴᠢ ᠨᠢ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠳᠠᠩᠰᠠᠯᠠᠭᠤᠯᠵᠤ᠂ ᠠᠯᠪᠠᠨ ᠵᠠᠷ ᠨᠡᠶᠢᠲᠡᠯᠡᠵᠦ᠂ ᠬᠢᠷᠢ ᠬᠡᠮ ᠢᠶᠠᠨ ᠬᠢᠨᠠᠨ ᠪᠠᠶᠢᠴᠠᠭᠠᠯᠭᠠᠨ᠎ᠠ᠂ ᠦᠨ᠎ᠡ ᠬᠠᠶᠠᠯᠴᠠᠨ ᠬᠤᠳᠠᠯᠳᠤᠨ ᠠᠪᠬᠤ ᠬᠦᠮᠦᠰ ᠰᠦᠯᠵᠢᠶᠡᠨ ᠳᠡᠭᠡᠷ᠎ᠡ ᠳᠠᠩᠰᠠᠯᠠᠭᠤᠯᠤᠨ ᠨᠡᠷ᠎ᠡ ᠮᠡᠳᠡᠭᠦᠯᠵᠦ᠂ ᠪᠠᠲᠤᠯᠠᠭ᠎ᠠ ᠶᠢᠨ ᠮᠥᠩᠭᠦ ᠲᠤᠰᠢᠶᠠᠵᠤ᠂ ᠰᠦᠯᠵᠢᠶᠡᠨ ᠳᠡᠭᠡᠷ᠎ᠡ ᠢᠮᠠᠭᠲᠠ ᠦᠨ᠎ᠡ ᠬᠠᠶᠠᠯᠴᠠᠨ ᠥᠷᠢᠰᠥᠯᠳᠦᠵᠦ᠂ ᠰᠦᠯᠵᠢᠶᠡᠨ ᠳᠡᠭᠡᠷ᠎ᠡ ᠠᠷᠠᠯᠵᠢᠶ᠎ᠠ ᠪᠦᠲᠦᠭᠰᠡᠨ ᠢᠶᠠᠨ ᠮᠠᠭᠠᠳᠯᠠᠨ᠎ᠠ᠃ ᠦᠨ᠎ᠡ ᠬᠠᠶᠠᠯᠴᠠᠨ ᠬᠤᠳᠠᠯᠳᠤᠨ ᠠᠪᠬᠤ ᠬᠦᠮᠦᠰ ᠤᠨ ᠨᠡᠶᠢᠳᠡᠮ ᠬᠠᠷᠢᠭᠤ ᠲᠤᠰᠬᠠᠯ ᠢᠶᠠᠷ ᠪᠤᠯ᠂ ᠰᠦᠯᠵᠢᠶᠡᠨ ᠳᠡᠭᠡᠷ᠎ᠡ ᠠᠷᠠᠯᠵᠢᠶᠠᠯᠠᠬᠤ ᠰᠢᠰᠲ᠋ᠧᠮ ᠨᠢ ᠲᠦᠢᠯ ᠤᠨ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠠᠢ᠂ ᠬᠡᠷᠡᠭᠯᠡᠭᠡᠨ ᠤ ᠦᠷᠲᠡᠭ ᠲᠠᠢ ᠪᠦᠭᠡᠳ ᠦᠨ᠎ᠡ ᠮᠡᠳᠡᠭᠦᠯᠬᠦ ᠳᠤ ᠴᠠᠭ ᠬᠤᠭᠤᠴᠠᠭ᠎ᠠ ᠭᠠᠵᠠᠷ ᠣᠷᠣᠨ ᠳᠤ ᠬᠢᠵᠠᠭᠠᠷᠯᠠᠭᠳᠠᠬᠤ ᠦᠭᠡᠢ ᠪᠠᠶᠢᠵᠤ᠂ ᠲᠣᠭᠲᠠᠭᠰᠠᠨ ᠴᠠᠭ ᠤᠨ ᠳᠤᠲᠤᠷ᠎ᠠ ᠶᠠᠮᠠᠷ ᠨᠢᠭᠡᠨ ᠴᠠᠭ ᠬᠤᠭᠤᠴᠠᠭ᠎ᠠ ᠪᠤᠶᠤ ᠢᠨᠲ᠋ᠧᠷ ᠰᠦᠯᠵᠢᠶ᠎ᠡ ᠲᠠᠢ ᠶᠠᠮᠠᠷᠪᠠ ᠨᠢᠭᠡᠨ ᠭᠠᠵᠠᠷ ᠲᠤ ᠴᠦᠮ ᠦᠨ᠎ᠡ ᠮᠡᠳᠡᠭᠦᠯᠵᠤ ᠪᠤᠯᠬᠤ ᠪᠤᠯᠵᠠᠢ ᠬᠡᠵᠡᠭᠡᠪᠡ᠃ ᠦᠨ᠎ᠡ ᠬᠠᠩᠰᠢ ᠮᠡᠳᠡᠭᠦᠯᠬᠦ ᠶᠠᠪᠤᠴᠠ ᠳᠤ᠂ ᠲᠡᠳᠡ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠤᠷᠠᠯ ᠬᠢᠵᠤ ᠪᠠᠶᠢᠭ᠎ᠠ ᠰᠢᠭ᠋ ᠢᠶᠠᠷ ᠥᠪᠡᠷ ᠤᠨ ᠺᠤᠮᠫᠠᠨᠢ ᠳᠠᠭᠠᠨ ᠮᠡᠳᠡᠭᠦᠯᠬᠦ ᠦᠨ᠎ᠡ ᠪᠠᠨ ᠭᠦᠢᠴᠡᠳ ᠰᠤᠳᠤᠯᠵᠤ ᠪᠤᠯᠬᠤ ᠪᠤᠯᠬᠤᠷ᠂ ᠺᠣᠮᠫᠠᠨᠢ ᠶᠢᠨ ᠬᠠᠮᠲᠤ ᠪᠠᠷ ᠰᠢᠶᠳᠪᠦᠷᠢᠲᠦ ᠪᠤᠳᠤᠯᠭ᠎ᠠ ᠲᠤᠭᠲᠠᠭᠠᠬᠤ ᠳᠤ ᠮᠠᠰᠢ ᠠᠰᠢᠭᠲᠠᠶ ᠪᠤᠯᠵᠠᠢ᠃ ᠰᠢᠰᠲ᠋ᠧᠮ ᠨᠢ ᠠᠵᠢᠯᠯᠠᠭᠠᠨ ᠳᠤ ᠤᠷᠤᠭᠠᠳ ᠣᠳᠣ ᠪᠣᠯᠲᠠᠯ᠎ᠠ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠯᠲᠠ ᠵᠠᠷᠯᠠᠬᠤ ᠦᠨ᠎ᠡ ᠬᠠᠶᠠᠯᠴᠠᠨ ᠬᠤᠳᠠᠯᠳᠤᠨ ᠠᠪᠬᠤ ᠨᠡᠶᠢᠲᠡᠯᠡᠬᠦ ᠠᠵᠢᠯᠯᠠᠭ᠎ᠠ ᠶᠢ ᠨᠡᠶᠢᠲᠡ 223 ᠤᠳᠠᠭ᠎ᠠ ᠵᠣᠬᠢᠶᠠᠨ ᠪᠠᠶᠢᠭᠤᠯᠵᠤ᠂ ᠭᠠᠵᠠᠷ ᠰᠢᠷᠤᠢ ᠶᠢᠨ ᠶᠠᠪᠤᠳᠠᠯ ᠢ 730 ᠨᠡᠶᠢᠲᠡᠯᠡᠵᠤ᠂ 512 ᠠᠷᠠᠯᠵᠢᠶ᠎ᠠ ᠪᠦᠲᠦᠵᠦ᠂ ᠠᠷᠠᠯᠵᠢᠶ᠎ᠠ ᠪᠦᠲᠦᠭᠰᠡᠨ ᠶᠡᠷᠦᠩᠬᠡᠶ ᠲᠠᠯᠠᠪᠠᠶ ᠨᠢ 1.58 ᠲᠦᠮᠡᠨ ᠮᠦ᠂ ᠠᠷᠠᠯᠵᠢᠶ᠎ᠠ ᠪᠦᠲᠦᠭᠰᠡᠨ ᠶᠡᠷᠦᠩᠬᠡᠶ ᠵᠣᠭᠤᠰ ᠤᠨ ᠲᠤᠭ᠎ᠠ ᠨᠢ 40.5 ᠳ᠋ᠦᠡᠭᠰᠢᠭᠤᠷ ᠲᠥᠭᠦᠷᠢᠭ᠂ ᠦᠷᠳᠡᠭ ᠤᠨ ᠨᠡᠮᠡᠭᠳᠡᠯ ᠤᠨ ᠪᠡᠯᠡ ᠮᠥᠩᠭᠦ ᠎ ᠨᠢ 0.9 ᠳ᠋ᠦᠡᠭᠰᠢᠭᠤᠷ ᠲᠥᠭᠦᠷᠢᠭ ᠲᠤ ᠬᠦᠷᠴᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号