ᠥᠨᠥᠬᠡᠨ᠂ ᠬᠥᠬᠡᠬᠤᠲᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠨᠢ ᠬᠤᠲᠠ ᠶᠢᠨ | ᠣᠷᠣᠨ ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠭᠰᠠᠨ | ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ᠂ | ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠬᠤ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ︽ | ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ︔ 7 ᠳ᠋ᠤᠭᠠᠷ ᠰᠠᠷ᠎ᠠ ᠶᠢᠨ | 1 ᠤ ᠡᠳᠦᠷ ᠠᠴᠠ ᠡᠮᠦᠨ᠎ᠡ᠂ ᠲᠤᠬᠠᠶᠢᠯᠠᠭᠰᠠᠨ ᠠᠵᠢᠯ ᠤᠨ ᠴᠢᠨᠠᠷ ᠢ ᠪᠠᠲᠤᠯᠠᠵᠦ ᠬᠤᠷᠳᠤᠴᠠ ᠶᠢ ᠲᠥᠷᠭᠡᠳᠬᠡᠬᠦ ᠶᠢ | ᠪᠦᠷᠢᠨ ᠪᠡᠶᠡᠯᠡᠭᠦᠯᠵᠦ᠂ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠠᠵᠢᠯ ᠤᠨ ᠱᠠᠭᠠᠷᠳᠠᠯᠭ᠎ᠠ ᠳᠤ | ᠦᠨᠳᠦᠰᠦᠨ ᠳᠡᠭᠡᠨ ᠬᠦᠷᠦᠭᠦᠯᠬᠦ ᠬᠡᠷᠡᠭᠲᠡᠢ ᠭᠡᠵᠡᠢ᠃ | ᠬᠤᠷᠠᠯ ᠳᠤ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠬᠤ ᠳᠠᠩᠰᠠᠯᠠᠭᠤᠯᠬᠤ ᠶᠢ ︽ᠨᠢᠭᠡ ᠴᠣᠩᠬᠤᠪᠴᠢ︾ | ᠪᠠᠷ ᠬᠦᠯᠢᠶᠡᠨ ᠠᠪᠴᠤ ᠭᠦᠢᠴᠡᠳᠬᠡᠬᠦ ᠶᠠᠪᠤᠳᠠᠯ ᠢ ᠭᠦᠨᠵᠡᠭᠡᠶ ᠰᠤᠳᠤᠯᠤᠨ ᠶᠠᠷᠢᠯᠴᠠᠵᠤ᠂ ︽ᠨᠢᠭᠡ ᠴᠣᠩᠬᠤᠪᠴᠢ︾ | ᠪᠠᠷ ᠬᠦᠯᠢᠶᠡᠨ ᠠᠪᠴᠤ ᠭᠦᠢᠴᠡᠳᠬᠡᠬᠦ ᠴᠣᠩᠬᠤ ᠪᠠᠶᠢᠭᠤᠯᠬᠤ᠂ ᠠᠵᠢᠯᠴᠢᠨ ᠲᠣᠬᠢᠷᠠᠭᠤᠯᠬᠤ᠂ ᠭᠦᠢᠴᠡᠳᠬᠡᠬᠦ ᠶᠠᠪᠤᠴᠠ᠂ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ᠂ ᠳᠠᠩᠰᠠ ᠡᠪᠬᠡᠮᠡᠯ ᠤᠨ | ᠬᠠᠮᠢᠶᠠᠷᠤᠯᠲᠠ᠂ ᠲᠣᠣᠷ ᠰᠦᠯᠵᠢᠶᠡᠨ ᠤ ᠠᠮᠤᠷ ᠲᠦᠪᠰᠢᠨ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠵᠡᠷᠭᠡ | ᠲᠠᠯ᠎ᠠ ᠪᠠᠷ ᠨᠠᠷᠢᠨ ᠵᠥᠪᠳᠡᠭᠡᠳ᠂ ᠬᠠᠮᠤᠭ ᠡᠴᠦᠰ ᠲᠤ᠂ ᠰᠠᠨᠠᠯ ᠨᠢᠭᠡᠳᠦᠭᠰᠡᠨ ᠪᠠᠶᠢᠨ᠎ᠠ᠄ ᠤᠯᠤᠰ ᠤᠨ ᠭᠠᠵᠠᠷ | ᠰᠢᠷᠣᠢ ᠡᠬᠢ ᠪᠠᠶᠠᠯᠢᠭ ᠤᠨ ᠲᠣᠪᠴᠢᠶ᠎ᠠ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠨᠢ ᠬᠢᠯᠪᠠᠷᠴᠢᠯᠠᠭᠰᠠᠨ | ᠴᠤᠪᠤᠷᠠᠯ ᠲᠠᠢ ᠪᠠᠶᠢᠯᠭᠠᠬᠤ ᠵᠠᠷᠴᠢᠮ ᠶᠣᠰᠣᠭᠠᠷ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠯᠠᠵᠤ ᠳᠠᠩᠰᠠᠯᠠᠭᠤᠯᠬᠤ | ᠨᠢᠭᠡᠯᠨ ᠭᠤᠶᠤᠴᠢᠯᠠᠯ ᠤᠨ ᠪᠢᠴᠢᠭ ᠢ ᠬᠠᠮᠲᠤᠪᠠᠷ ᠬᠡᠷᠡᠭᠯᠡᠨ᠎ᠡ︔ ᠠᠵᠢᠯ ᠤᠨ ᠴᠤᠪᠤᠷᠠᠯ ᠵᠢᠷᠤᠭ ᠢ ᠳᠠᠬᠢᠨ | ᠲᠣᠭᠲᠠᠭᠠᠬᠤ ᠪᠥᠭᠡᠳ ᠲᠠᠩᠬᠢᠮ ᠤᠨ ᠢᠯᠠ ᠪᠠᠶᠢᠷᠢᠨ ᠳᠤ ᠨᠠᠭᠠᠵᠤ ᠲᠠᠯᠪᠢᠨ᠎ᠡ︔ ᠲᠤᠭ᠎ᠠ ᠪᠠᠷᠢᠮᠲᠠ ᠶᠢᠨ | ᠬᠥᠮᠥᠷᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ | ᠬᠦᠷᠲᠡᠬᠦ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠵᠠᠪᠰᠠᠷ ᠤᠨ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠵᠤ᠂ | ᠦᠯᠦ ᠬᠥᠳᠡᠯᠬᠦ ᠬᠦᠷᠦᠩᠬᠡ ᠶᠢᠨ ᠨᠢᠭᠡᠴᠢ ᠶᠢᠨ ᠨᠣᠮᠧᠷ ᠢᠶᠠᠷ ᠴᠤᠷ ᠤᠨ ᠭᠠᠭᠴᠠ ᠭᠡᠷᠡᠴᠢᠯᠡᠨ ᠮᠠᠭᠠᠳᠯᠠᠬᠤ ᠨᠣᠮᠧᠷ | ᠪᠣᠯᠭᠠᠵᠤ ᠂ ᠡᠯ᠎ᠡ ᠰᠠᠯᠠᠭ᠎ᠠ ᠮᠥᠴᠢᠷ ᠤᠳ ᠵᠠᠪᠰᠠᠷ ᠤᠨ ᠲᠤᠭ᠎ᠠ ᠪᠠᠷᠢᠮᠲᠠ ᠶᠢᠨ ᠬᠥᠮᠥᠷᠭᠡ ᠠᠴᠠ ᠲᠤᠰ ᠲᠤᠰ ᠤᠨ | ᠲᠤᠬᠠᠶᠢᠯᠠᠭᠰᠠᠨ ᠠᠵᠢᠯ ᠤᠨ ᠢᠶᠠᠨ ᠭᠦᠢᠴᠡᠳᠬᠡᠬᠦ ᠴᠢᠬᠤᠯᠠᠲᠠᠶ ᠴᠢᠬᠤᠯᠠ ᠪᠢᠴᠢᠭ ᠮᠠᠲ᠋ᠧᠷᠢᠶᠠᠯ ᠢ ᠭᠠᠷᠭᠠᠨ ᠠᠪᠤᠨ᠎ᠠ︔ | ᠬᠠᠲᠠᠭᠤ ᠲᠤᠨᠤᠭ ᠤᠨ ᠲᠥᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠡᠯᠧᠺᠲᠷᠣᠨ ᠳᠠᠩᠰᠠ ᠡᠪᠬᠡᠮᠡᠯ ᠤᠨ ᠬᠠᠲᠠᠭᠤ ᠲᠤᠨᠤᠭ ᠢ ᠬᠠᠳᠠᠭᠠᠯᠠᠬᠤ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠡᠯᠡᠳᠬᠡᠯ ᠬᠠᠳᠠᠭᠠᠯᠠᠮᠵᠢ ᠬᠢᠵᠦ᠂ ᠲᠤᠭ᠎ᠠ | ᠪᠠᠷᠢᠮᠲᠠ ᠬᠠᠳᠠᠭᠠᠯᠠᠬᠤ ᠲᠥᠬᠦᠭᠡᠷᠦᠮᠵᠢ ᠳᠤ ᠰᠠᠭᠠᠳ ᠤᠴᠠᠷᠠᠭᠰᠠᠨ ᠠᠴᠠ ᠪᠣᠯᠵᠤ ᠲᠤᠭ᠎ᠠ ᠪᠠᠷᠢᠮᠲᠠ ᠭᠡᠭᠡᠭᠳᠡᠬᠦ | ᠠᠳᠡᠯ ᠢ ᠰᠡᠷᠭᠡᠶᠢᠯᠡᠨ᠎ᠠ︔ ᠶᠡᠭᠡ ᠲᠠᠩᠬᠢᠮ ᠤᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ | ᠪᠣᠳᠠᠲᠤ ᠪᠠᠶᠢᠳᠠᠯ ᠢᠶᠠᠨ ᠦᠨᠳᠦᠰᠦᠯᠡᠨ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠭᠡᠷ ᠪᠠᠶᠢᠰᠢᠩ ᠤᠨ | ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ︾ ᠪᠠᠷ ᠬᠦᠯᠢᠶᠡᠨ ᠠᠪᠴᠤ ᠭᠦᠢᠴᠡᠳᠬᠡᠬᠦ | ᠴᠣᠩᠬᠤ ᠭᠠᠷᠭᠠᠵᠤ᠂ ᠲᠤᠬᠠᠶᠢᠯᠠᠭᠰᠠᠨ ᠠᠵᠢᠯ ᠳᠠᠭᠠᠨ ᠴᠢᠳᠠᠮᠠᠭᠠᠢ ᠠᠵᠢᠯᠲᠠᠨ ᠢ ︽ᠨᠢᠭᠡ ᠴᠣᠩᠬᠤᠪᠴᠢ︾ ᠶᠢᠨ | ᠦᠢᠯᠡᠴᠢᠯᠡᠭᠡᠨ ᠳᠤ ᠰᠣᠩᠭᠤᠨ ᠲᠣᠬᠢᠷᠠᠭᠤᠯᠤᠨ᠎ᠠ︔ ᠦᠯᠦ ᠬᠥᠳᠡᠯᠬᠦ ᠬᠦᠷᠦᠩᠭᠡ ᠪᠠ ᠭᠡᠷ ᠪᠠᠶᠢᠰᠢᠩ ᠤᠨ | ᠬᠠᠮᠢᠶᠠᠷᠤᠯᠲᠠ ᠶᠢᠨ ᠨᠢᠭᠡᠳᠦᠯᠲᠡᠢ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ ᠦᠢᠯᠡᠴᠢᠯᠡᠭᠡᠨ ᠤ ᠲᠠᠩᠬᠢᠮ ᠤᠨ | ᠠᠵᠢᠯᠲᠠᠨ ᠬᠥᠲᠥᠯᠥᠨ ᠦᠢᠯᠡᠴᠢᠯᠡᠬᠦ ᠪᠠᠨ ᠴᠢᠩᠭᠠᠳᠬᠠᠨ᠎ᠠ᠃ ᠡᠭᠦᠨ ᠠᠴᠠ ᠭᠠᠳᠠᠨ᠎ᠠ᠂ ᠬᠤᠳᠠ ᠶᠢᠨ ᠣᠷᠣᠨ | ᠰᠠᠭᠤᠴᠠ ᠶᠢᠨ ᠪᠠᠲᠤᠯᠠᠭ᠎ᠠ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠲᠥᠪ᠂ ᠬᠤᠲᠠ ᠶᠢᠨ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠨᠢ ᠠᠵᠢᠯᠲᠠᠤᠨ ᠢ | ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠥᠪᠯᠡᠷᠡᠭᠦᠯᠦᠨ ᠬᠢᠵᠦ᠂ ᠬᠡᠷᠡᠭ ᠶᠠᠪᠤᠳᠠᠯ | ᠭᠦᠢᠴᠡᠳᠬᠡᠬᠦ ᠴᠤᠪᠤᠷᠠᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢ ᠣᠶᠢᠯᠠᠭᠠᠭᠤᠯᠵᠤ᠂ ︽ᠨᠢᠭᠡ ᠴᠣᠩᠬᠤᠪᠴᠢ︾ | ᠶᠢᠨ ᠦᠢᠯᠡᠴᠢᠯᠡᠭᠡ ᠶᠢᠨ ᠣᠯᠠᠨ ᠲᠦᠮᠡᠨ ᠢ ︽ᠨᠢᠭᠡᠯᠨ ᠤᠳᠠᠭ᠎ᠠ ᠭᠦᠶᠦᠯᠭᠡᠬᠦ︾ ᠶᠢ ᠦᠨᠡᠨ ᠬᠦ ᠢᠯᠡᠷᠡᠭᠦᠯᠦᠨ᠎ᠡ᠃ |