内蒙古自治区政府门户网站
 
ᠥᠪᠡᠷᠲᠡᠭᠡᠨ ᠵᠠᠰᠠᠬᠤ ᠣᠷᠣᠨ ᠤ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ  ᠬᠥᠮᠥᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ︾᠎ ᠶᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-05-29
                 ᠥᠪᠥᠷ ᠵᠠᠰᠠᠭ ᠠᠯᠪᠠᠨ ᠲᠠᠷᠬᠠᠭᠠᠭᠰᠠᠨ ﹇2018﹈ 2 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠤᠵᠢ ᠶᠢᠨ ᠱᠠᠲᠤᠨ ᠤ ᠠᠷᠠᠳ ᠤᠨ          ᠵᠠᠰᠠᠭ ᠤᠨ ᠣᠷᠳᠣᠨ ᠤ ᠰᠤᠷᠭᠠᠨ ᠬᠥᠮᠥᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ          ᠦᠨᠡᠯᠡᠬᠦ ᠠᠷᠭ᠎ᠠ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ                   ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ                             2017 ᠣᠨ ᠤ 12 ᠳ᠋ᠤᠭᠠᠷ ᠰᠠᠷ᠎ᠠ︶      ᠮᠠᠨ ᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠥᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠳᠦᠷᠢᠮ︾᠂ ︽ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠨᠡᠯᠡᠯᠲᠡ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2017﹈ 49 ᠳ᠋ᠤᠭᠡᠷ ᠲᠣᠭᠠᠲᠤ︶ ᠵᠡᠷᠭᠡ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠤᠯᠣᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠲᠥᠪ ᠭᠤᠣᠯᠴᠢ ᠪᠠᠶᠢᠬᠤ ᠶᠢ ᠠᠬᠢᠭᠤᠯᠬᠤ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠰᠤᠷᠭᠠᠨ ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ︽ᠬᠠᠮᠢᠶᠠᠷᠬᠤ ᠡᠷᠬᠢᠯᠡᠬᠦ ᠦᠨᠡᠯᠡᠬᠦ︾᠎ ᠶᠢ ᠰᠠᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢ ᠲᠦᠯᠬᠢᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃      ᠬᠤᠶᠠᠷ᠂ ᠦᠨᠡᠯᠡᠨ ᠵᠢᠱᠢᠬᠦ ᠡᠲᠡᠭᠡᠳ      ᠦᠨᠡᠯᠡᠨ ᠵᠢᠱᠢᠬᠦ ᠡᠲᠡᠭᠡᠳ ᠪᠣᠯ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ︵ᠳᠣᠷᠣᠭᠰᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠭᠡᠵᠦ ᠲᠣᠪᠴᠢᠯᠠᠨ᠎ᠡ︶᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ᠎ᠠ᠃      ᠭᠤᠷᠪᠠ᠂ ᠦᠨᠡᠯᠡᠬᠦ ᠠᠭᠤᠯᠭ᠎ᠠ      ᠦᠨᠡᠯᠡᠬᠦ ᠠᠭᠤᠯᠭ᠎ᠠ ᠳᠤ ᠭᠤᠣᠯᠳᠠᠭᠤ᠄ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠣᠯᠢ ᠲᠣᠭᠲᠠᠭᠠᠯ᠂ ᠲᠦᠷᠢᠮ ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠬᠥᠭᠵᠢᠭᠦᠯᠦᠭᠰᠡᠨ ᠪᠠᠶᠢᠳᠠᠯ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠭᠰᠠᠨ ᠪᠠᠶᠢᠳᠠᠯ᠂ ᠰᠤᠷᠭᠠᠨ ᠬᠥᠮᠥᠵᠢᠯ ᠤᠨ ᠪᠠᠲᠤᠯᠠᠭ᠎ᠠ ᠶᠢᠨ ᠪᠠᠶᠢᠳᠠᠯ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠳᠠᠯ ᠪᠠᠭᠲᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ︾ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠣᠯᠣᠨ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠪᠣᠳᠠᠲᠠᠶ ᠪᠠᠷ ᠦᠨᠳᠦᠰᠦᠯᠡᠨ᠂ ᠠᠷᠠᠳ ᠤᠯᠡᠠ ᠤ ᠠᠩᠬᠠᠷᠴᠤ ᠪᠠᠶᠢᠭ᠎ᠠ ᠬᠠᠯᠠᠮᠰᠢᠯ ᠲᠠᠢ ᠬᠦᠴᠢᠷ ᠲᠠᠢ ᠠᠰᠠᠭᠤᠳᠠᠯ ᠲᠠᠢ ᠤᠶᠠᠯᠳᠤᠭᠤᠯᠵᠤ᠂ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠨ᠎ᠠ᠃      ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ      ︵ᠨᠢᠭᠡ︶ ᠬᠡᠷᠡᠭᠵᠢᠭᠦᠯᠬᠦ ᠵᠠᠷᠴᠢᠮ᠃ ᠬᠠᠤᠯᠢ ᠲᠣᠭᠲᠠᠭᠠᠯ ᠶᠣᠰᠣᠭᠠᠷ᠂ ᠭᠤᠣᠯᠳᠠᠯᠭ᠎ᠠ ᠶᠢ ᠳᠣᠪᠤᠶᠢᠯᠭᠠᠨ᠂ ᠠᠰᠠᠭᠤᠳᠠᠯ ᠤᠨ ᠤᠳᠤᠷᠢᠳᠤᠮᠵᠢ᠂ ᠪᠤᠰᠤᠳᠴᠢ ᠲᠥᠪ ᠭᠤᠣᠯᠴᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠨᠡᠶᠢᠭᠡᠮ ᠤᠨ ᠬᠢᠨ ᠣᠷᠣᠯᠴᠠᠬᠤ ᠦᠨᠡᠯᠡᠯᠲᠡ ᠶᠢᠨ ᠵᠠᠷᠴᠢᠮ ᠢ ᠵᠢᠷᠤᠮᠯᠠᠨ᠎ᠠ᠃      ︵ᠬᠤᠶᠠᠷ︶ ᠪᠣᠳᠠᠲᠠᠶ ᠬᠡᠷᠡᠭᠵᠢᠭᠦᠯᠦᠯᠲᠡ᠃ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠬᠢᠨ ᠨᠢᠭᠡᠳᠦᠯᠲᠡᠶ ᠲᠥᠯᠥᠪᠯᠡᠨ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠤᠯᠤᠰ ᠤᠨ ᠣᠨ ᠤ ᠪᠠᠶᠢᠴᠠᠭᠠᠬᠤ ᠠᠭᠤᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠦᠨᠳᠦᠰᠦᠯᠡᠨ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠵᠢᠴᠢ ᠪᠢᠴᠢᠭᠯᠡᠭᠰᠡᠨ ᠮᠡᠳᠡᠭᠳᠡᠯ ᠢ ᠳᠠᠷᠤᠮᠠᠯᠯᠠᠨ ᠶᠠᠪᠤᠭᠤᠯᠤᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡᠯᠡᠵᠦ ᠪᠦᠬᠦᠢ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠵᠣᠬᠢᠴᠠᠯᠳᠤᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠷ ᠲᠤᠰ ᠨᠢᠭᠡᠴᠡ ᠶᠢᠨ ᠢᠶᠠᠨ ᠳᠡᠭᠡᠷ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢᠶᠠᠨ ᠥᠪᠡᠰᠦᠪᠡᠨ ᠪᠠᠶᠢᠴᠠᠭᠠᠨ ᠦᠨᠡᠯᠡᠵᠦ᠂ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠭᠠᠵᠤ᠂ ᠵᠢᠯ ᠪᠦᠷᠢ ᠶᠢᠨ 4 ᠳ᠋ᠤᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃      ︵ᠲᠦᠷᠪᠡ︶ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠬᠢᠨᠠᠨ ᠵᠢᠯᠣᠭᠤᠳᠴᠤ ᠦᠨᠡᠯᠡᠨ ᠵᠢᠱᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ︾᠎ ᠶᠢ ᠬᠠᠷᠢᠭᠤᠴᠠᠨ ᠲᠣᠭᠲᠠᠭᠠᠵᠤ᠂ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ︽ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ︾᠎ ᠶᠢ ᠬᠠᠷᠢᠭᠤᠴᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠵᠢᠯ ᠪᠦᠷᠢ 4 ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠣᠬᠢᠬᠤ ᠬᠠᠷᠢᠴᠠᠯ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠰᠤᠭᠤᠴᠢᠨ ᠰᠤᠩᠭᠤᠵᠤ ᠪᠣᠳᠠᠲᠠᠶ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠦᠨᠡᠯᠡᠨ᠂ ᠭᠤᠷᠪᠠᠨ ᠵᠢᠯ ᠢᠶᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠵᠤ᠂ ᠪᠤᠶ ᠪᠦᠬᠦᠢ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠠ 50%᠎ ᠠᠴᠠ ᠳᠡᠭᠡᠭᠰᠢᠬᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠪᠦᠷᠢᠨ ᠪᠦᠷᠬᠦᠭᠦᠯᠪᠡ᠃ ᠪᠣᠳᠠᠲᠠᠶ ᠳᠡᠰ ᠳᠠᠷᠠᠭᠠᠯᠠᠯ ᠨᠢ ᠭᠡᠪᠡᠯ᠄      1. ᠠᠶᠢᠮᠠᠭ ᠬᠤᠲᠠ ᠥᠪᠡᠰᠦᠪᠡᠨ ᠦᠨᠡᠯᠡᠨ᠎ᠡ᠃ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠣᠰᠣᠭᠠᠷ᠂ ᠳᠡᠭᠡᠷ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠥᠪᠡᠰᠦᠪᠡᠨ ᠪᠠᠶᠢᠴᠠᠭᠠᠵᠤ ᠦᠨᠡᠯᠡᠨ᠂ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠭᠠᠬᠤ ᠶᠢᠨ ᠬᠠᠮᠲᠤ ᠵᠢᠯ ᠪᠦᠷᠢ ᠶᠢᠨ 4 ᠳ᠋ᠤᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠥᠪᠡᠰᠦᠪᠡᠨ ᠦᠨᠡᠯᠡᠭᠰᠡᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠨ᠎ᠠ᠃       2. ᠭᠤᠷᠪᠠᠳᠠᠬᠢ ᠡᠲᠡᠭᠡᠳ ᠠᠴᠠ ᠬᠢᠨᠡᠨ ᠰᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠭᠤᠷᠪᠠᠳᠤᠭᠠᠷ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ᠂ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠦᠨᠳᠦᠰᠦᠯᠡᠨ᠂ ᠤᠯᠤᠰ ᠤᠨ ᠲᠤᠭ᠎ᠠ ᠪᠦᠷᠢᠳᠬᠡᠯ ᠤᠨ ᠳ᠋ᠠᠶᠢᠲ᠋ᠠ ᠪᠣᠯᠣᠨ ᠪᠠᠶᠢᠴᠠᠭᠠᠯᠲᠠ ᠪᠠᠷ ᠣᠯᠤᠭᠰᠠᠨ ᠰᠢᠰᠲ᠋ᠧᠮ ᠤᠨ ᠳ᠋ᠠᠶᠢᠲ᠋ᠠ ᠶᠢ ᠠᠰᠢᠭᠯᠠᠨ᠂ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠰᠢᠯᠭᠠᠵᠤ ᠦᠨᠡᠯᠡᠨ ᠵᠢᠱᠢᠯᠲᠡ ᠬᠢᠬᠦ ᠶᠢᠨ ᠬᠠᠮᠲᠤ ᠨᠡᠶᠢᠭᠡᠮ᠂ ᠭᠡᠷ ᠤᠨ ᠠᠬᠠᠮᠠᠳ ᠪᠣᠯᠤᠨ ᠰᠤᠷᠤᠭᠴᠢᠳ ᠲᠤ ᠬᠠᠨᠳᠤᠭᠤᠯᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶᠡᠨ ᠤ ᠪᠠᠶᠢᠴᠠᠭᠠᠯᠲᠠ ᠥᠷᠨᠢᠭᠦᠯᠵᠦ᠂ ᠵᠢᠯ ᠪᠦᠷᠢ ᠶᠢᠨ 4 ᠳ᠋ᠤᠭᠡᠷ ᠰᠠᠷ᠎ᠠ ᠶᠢᠨ ᠳᠤᠮᠳᠠᠴᠢ ᠪᠠᠷ ᠣᠨ ᠤ ᠬᠢᠨᠠᠨ ᠬᠡᠮᠵᠢᠯᠲᠡ ᠶᠢᠨ ᠮᠡᠳᠡᠭᠦᠯᠦᠯᠲᠡ ᠪᠣᠯᠭᠠᠨ᠎ᠠ᠃      3. ᠪᠣᠳᠠᠲᠠᠶ ᠭᠠᠵᠠᠷ ᠲᠤᠨᠢ ᠰᠢᠮᠳᠠᠭᠤᠯᠤᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠣᠨ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢᠨ ᠬᠠᠩᠭᠠᠭᠰᠠᠨ ᠬᠢᠨᠠᠨ ᠰᠢᠯᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ᠂ ᠪᠠᠶᠢᠴᠠᠭᠠᠬᠤ ᠡᠲᠡᠭᠡᠳ ᠢᠶᠠᠨ ᠲᠣᠭᠲᠠᠭᠠᠵᠤ᠂ ᠪᠠᠶᠢᠴᠠᠭᠠᠬᠤ ᠲᠥᠰᠦᠯ ᠢ ᠲᠣᠭᠲᠠᠭᠠᠨ᠂ ᠪᠠᠶᠢᠴᠠᠭᠠᠨ ᠵᠢᠯᠣᠭᠤᠳᠬᠤ ᠲᠤᠰᠬᠠᠶ ᠮᠡᠷᠭᠡᠵᠢᠯᠲᠡᠨ ᠢ ᠮᠠᠰᠢᠨ ᠤ ᠲᠠᠰᠢᠷᠠᠮ ᠢᠶᠠᠷ ᠰᠤᠭᠤᠴᠢᠵᠤ ᠪᠠᠶᠢᠴᠠᠭᠠᠬᠤ ᠳᠤᠭᠤᠶᠢᠯᠠᠩ ᠪᠦᠷᠢᠯᠳᠦᠭᠦᠯᠦᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠨᠢ ᠪᠠᠶᠢᠴᠠᠭᠠᠭᠳᠠᠬᠤ ᠠᠶᠢᠮᠠᠭ ᠬᠤᠲᠠ ᠶᠢᠨ ᠥᠪᠡᠰᠦᠪᠡᠨ ᠦᠨᠡᠯᠡᠭᠰᠡᠨ ᠮᠡᠳᠡᠭᠦᠯᠦᠯᠲᠡ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ ᠪᠣᠯᠣᠨ ᠲᠤᠬᠠᠶ ᠶᠢᠨ ᠭᠠᠵᠠᠷ ᠢ ᠨᠢ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠠᠰᠠᠭᠤᠳᠠᠯ ᠤᠨ ᠨᠠᠷᠢᠨ ᠬᠠᠭᠤᠳᠠᠰᠤ ᠵᠢᠭᠰᠠᠭᠠᠭᠠᠳ᠂ ᠦᠨᠡᠯᠡᠯᠲᠡ ᠶᠢᠨ ᠰᠠᠨᠠᠯ ᠭᠠᠷᠭᠠᠵᠤ᠂ ᠪᠠᠶᠢᠴᠠᠭᠠᠭᠳᠠᠬᠤ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠨ᠎ᠠ᠃       ᠲᠤᠰ ᠵᠢᠯ ᠤᠨ ᠦᠨᠡᠯᠡᠯᠲᠡ ᠳᠤ ᠵᠢᠭᠰᠠᠭᠠᠭᠳᠠᠭᠠᠳᠤᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠢ ᠪᠣᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠲᠡᠭᠦᠨ ᠤ ᠥᠪᠡᠰᠦᠪᠡᠨ ᠦᠨᠡᠯᠡᠭᠰᠡᠨ ᠮᠡᠳᠡᠭᠦᠯᠦᠯᠲᠡ ᠵᠢᠴᠢ ᠭᠤᠷᠪᠠᠳᠠᠬᠢ ᠡᠲᠡᠭᠡᠳ ᠤᠨ ᠬᠢᠨᠠᠨ ᠬᠡᠮᠵᠢᠭᠰᠡᠨ ᠳ᠋ᠦᠩ ᠢ ᠦᠨᠳᠦᠰᠦᠯᠡᠨ᠂ ᠨᠡᠯᠢᠶᠡᠳ ᠶᠡᠭᠡ ᠠᠰᠠᠭᠤᠳᠠᠯ ᠣᠷᠣᠰᠢᠵᠤ ᠪᠠᠶᠢᠭ᠎ᠠ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠲᠣᠬᠢᠷᠠᠮᠵᠢᠲᠠᠢ ᠴᠠᠭ ᠲᠤᠨᠢ ᠶᠠᠪᠤᠴᠠ ᠶᠢᠨ ᠴᠢᠨᠠᠷ ᠲᠠᠢ ᠬᠢᠨᠠᠨ ᠵᠢᠯᠣᠭᠤᠳᠤᠯᠭ᠎ᠠ ᠬᠢᠨ᠎ᠡ᠃      ︵ᠲᠠᠪᠤ︶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃      1. ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠤᠨ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠵᠡᠵᠦ ᠪᠠᠶᠢᠭᠠᠳ ᠳᠠᠬᠢᠨ ᠪᠠᠶᠢᠴᠠᠭᠠᠯᠲᠠ ᠬᠢᠨ᠎ᠡ᠃      2. ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠨ ᠤ ᠦᠨᠡᠯᠡᠯᠲᠡ ᠶᠢᠨ ᠮᠡᠳᠡᠭᠦᠯᠦᠯᠲᠡ ᠶᠢ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠥᠪᠡᠰᠦᠪᠡᠨ ᠦᠨᠡᠯᠡᠭᠰᠡᠨ ᠪᠠᠶᠢᠳᠠᠯ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ᠂ ᠪᠣᠳᠠᠲᠠᠶ ᠭᠠᠵᠠᠷ ᠤᠨ ᠪᠠᠶᠢᠴᠠᠭᠠᠯᠲᠠ᠂ ᠴᠡᠭᠴᠡᠯᠡᠨ ᠰᠠᠶᠢᠵᠢᠷᠠᠭᠤᠯᠤᠭᠰᠠᠨ ᠢ ᠨᠢ ᠳᠠᠬᠢᠨ ᠪᠠᠶᠢᠴᠠᠭᠠᠭᠰᠠᠨ ᠵᠡᠷᠭᠡ ᠪᠠᠶᠢᠳᠠᠯ ᠢ ᠶᠡᠷᠦᠩᠬᠡᠶᠢᠯᠡᠵᠦ ᠪᠠᠶᠢᠭᠠᠳ᠂ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠨ ᠤ ᠦᠨᠡᠯᠡᠯᠲᠡ ᠶᠢᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠬᠢᠨᠠᠨ ᠲᠣᠭᠲᠠᠭᠠᠯᠭᠠᠬᠤ ᠪᠠᠷ ᠮᠡᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠢᠯᠡ ᠨᠡᠶᠢᠲᠡᠯᠡᠨ᠎ᠡ᠃      3. ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠦᠨᠡᠯᠡᠭᠰᠡᠨ ᠣᠨ ᠤ ᠮᠡᠳᠡᠭᠦᠯᠦᠯᠲᠡ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠨᠡᠯᠡᠯᠲᠡ ᠶᠢᠨ ᠮᠡᠳᠡᠭᠦᠯᠦᠯᠲᠡ ᠶᠢ ᠶᠡᠷᠦᠩᠬᠡᠶᠢᠯᠡᠵᠦ ᠪᠠᠶᠢᠭᠠᠳ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠦᠨᠡᠯᠡᠭᠰᠡᠨ ᠣᠨ ᠤ ᠮᠡᠳᠡᠭᠦᠯᠦᠯᠲᠡ ᠪᠣᠯᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃      ᠲᠠᠪᠤ᠂ ᠪᠠᠲᠤᠯᠠᠭ᠎ᠠ ᠶᠢᠨ ᠠᠷᠭ᠎ᠠ      ᠬᠡᠮᠵᠢᠶ᠎ᠡ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠲᠣᠭᠲᠠᠴᠠ ᠪᠠᠶᠢᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠢᠴᠢ ᠪᠦᠬᠦ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠪᠣᠳᠠᠲᠤ ᠪᠦᠳᠦᠮᠵᠢᠳᠤ ᠴᠢᠨᠠᠷ ᠢ ᠳᠡᠭᠡᠭᠰᠢᠯᠡᠭᠦᠯᠦᠨ᠎ᠡ᠃      ᠵᠢᠷᠭᠤᠭ᠎ᠠ᠂ ᠦᠷ᠎ᠡ ᠳ᠋ᠦᠩ ᠤᠨ ᠬᠡᠷᠡᠭᠯᠡᠯᠲᠡ      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠤᠯᠤᠰ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠨᠡᠯᠡᠯᠲᠡ ᠶᠢᠨ ᠳ᠋ᠦᠩ ᠢ ᠴᠠᠭ ᠲᠣᠬᠠᠢ ᠳᠤᠨᠢ ᠬᠠᠷᠢᠭᠤ ᠮᠡᠳᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠬᠠᠷᠢᠭᠤ ᠲᠤᠰᠬᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃      ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠦᠨᠡᠯᠡᠯᠲᠡ ᠶᠢᠨ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠢᠴᠢ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠣᠬᠠᠢ ᠳᠤᠨᠢ ᠬᠠᠷᠢᠭᠤ ᠲᠤᠰᠬᠠᠵᠤ᠂ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠨᠢᠭᠡ ᠦᠶᠡᠯᠡᠯ ᠤᠨ ᠬᠤᠭᠤᠴᠠᠭᠠᠨ ᠤ ᠬᠢᠨᠠᠨ ᠵᠢᠯᠣᠭᠤᠳᠤᠯᠭ᠎ᠠ ᠦᠨᠡᠯᠡᠨ ᠵᠢᠱᠢᠯᠲᠡ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠰᠢᠯᠢᠳᠡᠭ ᠳᠡᠰ ᠣᠯᠣᠭᠰᠠᠨ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠪᠦᠲᠦᠮᠵᠢ ᠪᠠᠷ ᠳᠣᠪᠤᠶᠢᠮ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠷᠢᠭᠦᠨ ᠤ ᠬᠤᠪᠢ ᠬᠥᠮᠦᠨ ᠢ ᠱᠠᠩᠨᠠᠨ ᠬᠦᠬᠢᠭᠦᠯᠦᠨ᠎ᠡ᠃      ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠴᠦᠨ ᠦᠭᠡᠢ᠂ ᠰᠤᠷᠭᠠᠨ ᠬᠥᠮᠦᠵᠢᠯ ᠤᠨ ᠠᠮᠤᠷ ᠲᠥᠪᠰᠢᠨ ᠤ ᠣᠨᠴᠠ ᠬᠦᠨᠳᠦ ᠶᠡᠭᠡ ᠡ᠊ᠨᠳᠡᠯ ᠭᠠᠷᠴᠤ᠂ ᠬᠤᠳᠠᠯ ᠬᠠᠭᠤᠷᠮᠠᠭ ᠵᠣᠬᠢᠶᠠᠭᠰᠠᠨ ᠦᠢᠯᠡ ᠠᠵᠢᠯᠯᠠᠭ᠎ᠠ ᠲᠠᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ᠂ ᠬᠠᠷᠢᠭᠤᠴᠠᠯᠭᠠᠲᠠᠨ ᠲᠠᠢ ᠨᠢ ᠵᠣᠬᠢᠬᠤ ᠬᠡᠯᠪᠡᠷᠢ ᠪᠠᠷ ᠪᠣᠯᠵᠣᠨ ᠶᠠᠷᠢᠯᠴᠠᠵᠤ᠂ ᠨᠡᠪᠲᠡᠷᠡᠭᠦᠯᠦᠨ ᠰᠢᠭᠦᠮᠵᠢᠯᠡᠵᠦ᠂ ᠪᠠᠶᠢᠳᠠᠯ ᠨᠢ ᠬᠦᠨᠳᠦ ᠨᠣᠴᠢᠲᠠᠶ ᠪᠣᠯ ᠰᠢᠳᠬᠡᠯ ᠥᠭᠬᠦ ᠰᠠᠨᠠᠭᠤᠯᠭ᠎ᠠ ᠳᠤᠷᠠᠳᠤᠨ᠎ᠠ᠄      ᠳᠠᠭᠠᠯᠳᠤᠭᠤᠯᠤᠯ᠄ 1. ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ      2.ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠠᠭᠠᠯᠳᠤᠭᠤᠯᠤᠯ 1              ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ                ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ              ᠭᠦᠢᠴᠡᠳᠬᠡᠭᠰᠡᠨ ᠢ ᠦᠨᠡᠯᠡᠬᠦ ᠠᠷᠭ᠎ᠠ     ᠨᠢᠭᠡᠳᠦᠭᠡᠷ ᠪᠦᠯᠦᠭ ᠶᠡᠷᠦᠩᠬᠡᠶ ᠳᠦᠷᠢᠮ      ᠨᠢᠭᠡᠳᠦᠭᠡᠷ ᠵᠦᠢᠯ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠲᠥᠪ ᠭᠤᠣᠯᠴᠢ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠵᠤ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠳᠦᠷᠢᠮ︾ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2017﹈ 49 ᠳ᠋ᠤᠭᠡᠷ ᠲᠣᠭᠠᠲᠤ︶ ᠵᠡᠷᠭᠡ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠳᠣᠷᠣᠭᠰᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠭᠡᠵᠦ ᠲᠣᠪᠴᠢᠯᠠᠨ᠎ᠠ︶᠎ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠭᠡᠳᠡᠭ ᠨᠢ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ᠂ ᠬᠠᠮᠢᠶᠠᠷᠤᠯᠲᠠ᠂ ᠪᠠᠲᠤᠯᠠᠭ᠎ᠠ᠂ ᠲᠤᠰ ᠵᠠᠰᠠᠭ ᠵᠠᠬᠢᠷᠭᠠᠨ ᠤ ᠣᠷᠣᠨ ᠤ ᠲᠤᠲᠤᠷᠠᠬᠢ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠯᠭᠠᠬᠤ ᠠᠵᠢᠯ ᠢ ᠶᠠᠪᠤᠭᠳᠠᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠳᠤ ᠦᠨᠡᠯᠡᠯᠲᠡ ᠬᠢᠬᠦ ᠶᠢ ᠵᠢᠭᠠᠵᠤ ᠪᠤᠢ᠃      ᠭᠤᠷᠪᠠᠳᠤᠭᠠᠷ ᠵᠦᠢᠯ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠨᠢᠭᠡᠳᠦᠯᠲᠡᠶ ᠲᠥᠯᠥᠪᠯᠡᠨ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ ᠦᠨᠡᠯᠡᠯᠲᠡ ᠶᠢᠨ ᠠᠵᠢᠯ ᠨᠢ ᠰᠤᠷᠭᠠᠨ ᠬᠥᠮᠥᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ ᠪᠠᠷ ᠭᠤᠣᠯ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠭᠤᠣᠯᠳᠠᠯᠭ᠎ᠠ ᠶᠢ ᠳᠣᠪᠤᠶᠢᠯᠭᠠᠨ᠂ ᠪᠤᠰᠤᠳᠴᠢ ᠲᠥᠪ ᠭᠤᠣᠯᠴᠢ᠂ ᠪᠣᠳᠠᠲᠤ ᠪᠦᠲᠦᠮᠵᠢ ᠶᠢ ᠴᠢᠬᠤᠯᠠᠴᠢᠯᠠᠬᠤ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠨ᠎ᠠ᠃     ᠲᠠᠪᠤᠳᠤᠭᠠᠷ ᠵᠦᠢᠯ ᠦᠨᠡᠯᠡᠬᠦ ᠠᠵᠢᠯ ᠢ ᠵᠢᠯ ᠪᠦᠷᠢ ᠨᠢᠭᠡ ᠤᠳᠠᠭ᠎ᠠ ᠦᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠣᠯᠣᠨ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠦᠨᠳᠦᠰᠦᠯᠡᠨ᠂ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠨ᠎ᠠ᠃      ᠬᠤᠶᠠᠳᠤᠭᠠᠷ ᠪᠦᠯᠦᠭ ᠦᠨᠡᠯᠡᠬᠦ ᠠᠭᠤᠯᠭ᠎ᠠ      ᠵᠢᠷᠭᠤᠳᠤᠭᠠᠷ ᠵᠦᠢᠯ ᠦᠨᠡᠯᠡᠬᠦ ᠠᠭᠤᠯᠭ᠎ᠠ ᠳᠤ ᠭᠤᠣᠯᠳᠠᠭᠤ᠄ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠣᠯᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠂ ᠲᠤᠰ ᠵᠠᠰᠠᠭ ᠵᠠᠬᠢᠷᠭᠠᠨ ᠤ ᠣᠷᠣᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠭᠰᠠᠨ ᠪᠠᠶᠢᠳᠠᠯ᠂ ᠰᠤᠷᠭᠠᠨ ᠬᠥᠮᠥᠵᠢᠯ ᠤᠨ ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠳᠠᠯ ᠪᠠᠭᠲᠠᠨ᠎ᠠ᠃      ︵ᠨᠢᠭᠡ︶ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠃ ᠭᠤᠣᠯᠳᠠᠭᠤ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠰᠤᠷᠭᠠᠨ ᠬᠥᠮᠥᠵᠢᠯ ᠤᠨ ᠰᠢᠰᠲ᠋ᠧᠮ ᠳᠠᠬᠢ ᠨᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ᠂ ᠭᠤᠣᠯᠯᠠᠬᠤ ᠡᠷᠬᠡ ᠶᠢ ᠡᠵᠡᠮᠳᠡᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠪᠠᠭᠲᠠᠨ᠎ᠠ᠃      ︵ᠬᠤᠶᠠᠷ︶ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠭᠤᠣᠯᠳᠠᠭᠤ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠴᠢᠬᠤᠯᠠ ᠶᠡᠭᠡ ᠢᠨᠵᠧᠨᠧᠷᠢᠩ᠂ ᠲᠥᠷᠥᠯ ᠵᠦᠢᠯ ᠢ ᠠᠬᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠭᠲᠠᠨ᠎ᠠ᠃      ︵ᠭᠤᠷᠪᠠ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠃ ᠭᠤᠣᠯᠳᠠᠭᠤ᠄ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠵᠣᠷᠢᠬᠵᠢᠭᠤᠯᠤᠨ ᠳᠡᠮᠵᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠲᠥᠯᠬᠢᠨ ᠠᠬᠢᠭᠤᠯᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠥᠷᠭᠡᠳᠬᠡᠨ ᠬᠥᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠦᠷᠭᠦᠯᠵᠢᠯᠡᠬᠦ ᠰᠤᠷᠭᠠᠨ ᠬᠥᠮᠦᠵᠢᠯ᠂ ᠨᠠᠰᠤᠨ ᠲᠤᠷᠰᠢᠬᠢ ᠰᠤᠷᠭᠠᠨ ᠬᠥᠮᠦᠵᠢᠯ ᠢ ᠬᠦᠴᠦᠲᠡᠢ ᠠᠬᠢᠭᠤᠯᠤᠨ᠂ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠶᠡᠬᠡᠪᠡᠷ ᠴᠢᠩᠭᠠᠳᠬᠠᠵᠤ᠂ ᠣᠨᠴᠤᠭᠤᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠬᠦᠴᠢᠷᠳᠡᠯᠲᠡᠶ ᠬᠥᠮᠥᠰ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠨ᠂ ᠰᠤᠷᠭᠠᠨ ᠬᠥᠮᠦᠵᠢᠯ ᠤᠨ ᠬᠠᠯᠠᠮᠰᠢᠯ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠵᠡᠷᠭᠡ ᠪᠠᠭᠲᠠᠨ᠎ᠠ᠃      ︵ᠲᠦᠷᠪᠡ︶ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠭᠰᠠᠨ ᠪᠠᠶᠢᠳᠠᠯ᠃ ᠭᠤᠣᠯᠳᠠᠭᠤ᠄ ᠰᠤᠷᠭᠠᠨ ᠬᠥᠮᠦᠵᠢᠯ ᠤᠨ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠠᠶᠢᠮᠠᠭ ᠬᠤᠲᠠ ᠶᠢᠨ ᠱᠠᠲᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠪᠦᠲᠦᠴᠡ ᠪᠠ ᠰᠤᠷᠭᠠᠭᠤᠯᠢ ᠶᠢᠨ ᠪᠠᠶᠢᠷᠢᠯᠠᠭᠤᠯᠤᠯ ᠢ ᠰᠢᠯᠢᠳᠡᠭᠵᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠶᠢ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠪᠠᠭᠲᠠᠨ᠎ᠠ᠃      ︵ᠲᠠᠪᠤ︶ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠃ ᠭᠤᠣᠯᠳᠠᠭᠤ᠄ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠢ ᠬᠠᠤᠯᠢ ᠪᠠᠷ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠨᠡᠨ ᠬᠦ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠵᠡᠷᠭᠡ ᠪᠠᠭᠲᠠᠨ᠎ᠠ᠃      ︵ᠵᠢᠷᠭᠤᠭ᠎ᠠ︶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠳᠠᠯ᠃ ᠭᠤᠣᠯᠳᠠᠭᠤ᠄ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠷᠢᠮᠲᠠᠯᠠᠵᠤ᠂ ᠶᠣᠰᠣ ᠮᠤᠷᠠᠯ ᠢᠶᠠᠷ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠳᠠᠷᠤᠭ᠎ᠠ ᠨᠢ ᠬᠠᠤᠯᠢ ᠪᠠᠷ ᠰᠤᠷᠭᠠᠭᠤᠯᠢ ᠪᠠᠨ ᠵᠠᠰᠠᠵᠤ᠂ ᠪᠠᠭᠰᠢ ᠨᠢ ᠬᠠᠤᠯᠢ ᠶᠣᠰᠣᠭᠠᠷ ᠪᠠᠭᠰᠢᠯᠠᠵᠤ᠂ ᠵᠢᠭᠠᠨ ᠰᠤᠷᠭᠠᠬᠤ ᠰᠠᠬᠢᠯᠭ᠎ᠠ ᠪᠠᠲᠤ ᠶᠢ ᠴᠢᠩᠭᠠᠷᠠᠭᠤᠯᠤᠨ᠂ ᠰᠤᠷᠤᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠲᠢᠭᠯᠢᠮ ᠪᠣᠯᠣᠨ ᠪᠠᠭᠰᠢ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠪᠠᠭᠲᠠᠨ᠎ᠠ᠃     ᠭᠤᠷᠪᠠᠳᠤᠭᠠᠷ ᠪᠦᠯᠦᠭ ᠦᠨᠡᠯᠡᠯᠲᠡ ᠶᠢᠨ ᠬᠡᠷᠡᠭᠵᠢᠭᠦᠯᠦᠯᠲᠡ      ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠣᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠵᠢᠴᠢ ᠪᠢᠴᠢᠭᠯᠡᠭᠰᠡᠨ ᠮᠡᠳᠡᠭᠳᠡᠯ ᠢ ᠳᠠᠷᠤᠮᠠᠯᠯᠠᠨ ᠶᠠᠪᠤᠭᠤᠯᠤᠨ᠎ᠠ᠃      ᠨᠠᠢᠮᠠᠳᠤᠭᠠᠷ ᠵᠦᠢᠯ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠭᠡᠷ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠥᠪᠡᠰᠦᠪᠡᠨ ᠪᠠᠶᠢᠴᠠᠭᠠᠨ ᠥᠪᠡᠰᠦᠪᠡᠨ ᠦᠨᠡᠯᠡᠵᠦ᠂ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠭᠠᠵᠤ᠂ ᠵᠢᠯ ᠪᠦᠷᠢ ᠶᠢᠨ 4 ᠳ᠋ᠤᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠣᠯᠣᠨ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠨ᠎ᠠ᠃     ᠶᠢᠰᠦᠳᠦᠭᠡᠷ ᠵᠦᠢᠯ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠨᠠᠶᠢᠳᠠᠯᠭ᠎ᠠ ᠪᠠᠷ᠂ ᠬᠢᠨᠠᠨ ᠵᠢᠯᠣᠭᠤᠳᠴᠦ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠤᠯᠤᠰ ᠤᠨ ᠲᠤᠭ᠎ᠠ ᠪᠦᠷᠢᠳᠬᠡᠯ ᠤᠨ ᠳ᠋ᠠᠶᠢᠲ᠋ᠠ ᠪᠣᠯᠣᠨ ᠪᠠᠶᠢᠴᠠᠭᠠᠨ ᠣᠯᠤᠭᠰᠠᠨ ᠰᠢᠰᠲ᠋ᠧᠮ ᠤᠨ ᠳ᠋ᠠᠶᠢᠲ᠋ᠠ ᠶᠢ ᠠᠰᠢᠭᠯᠠᠵᠤ ᠪᠠᠶᠢᠭᠠᠳ᠂ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠰᠢᠯᠭᠠᠯᠲᠠ ᠦᠨᠡᠯᠡᠨ ᠵᠢᠱᠢᠯᠲᠡ ᠬᠢᠵᠦ᠂ ᠨᠡᠶᠢᠭᠡᠮ᠂ ᠭᠡᠷ ᠤᠨ ᠠᠬᠠᠮᠠᠳ ᠪᠣᠯᠤᠨ ᠰᠤᠷᠤᠭᠴᠢᠳ ᠲᠤ ᠬᠠᠨᠳᠤᠭᠤᠯᠤᠨ ᠲᠠᠭᠠᠰᠢᠶᠠᠭᠳᠠᠭᠰᠠᠨ ᠬᠡᠮᠵᠢᠶᠡᠨ ᠤ ᠪᠠᠶᠢᠴᠠᠭᠠᠯᠲᠠ ᠥᠷᠨᠢᠭᠦᠯᠵᠦ᠂ ᠵᠢᠯ ᠪᠦᠷᠢ ᠶᠢᠨ 4 ᠳ᠋ᠤᠭᠡᠷ ᠰᠠᠷ᠎ᠠ ᠶᠢᠨ ᠳᠤᠮᠳᠠᠴᠢ ᠪᠠᠷ ᠣᠨ ᠤ ᠬᠢᠨᠠᠨ ᠬᠡᠮᠵᠢᠭᠰᠡᠨ ᠮᠡᠳᠡᠭᠦᠯᠦᠯᠲᠡ ᠪᠣᠯᠭᠠᠨ᠎ᠠ᠃      ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠪᠠᠶᠢᠴᠠᠭᠠᠬᠤ ᠠᠵᠢᠯ ᠤᠨ ᠲᠥᠰᠦᠯ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠰᠤᠷᠭᠠᠭᠤᠯᠢ ᠪᠠᠨ ᠮᠠᠰᠢᠨ ᠤ ᠲᠠᠰᠢᠷᠠᠮ ᠢᠶᠠᠷ ᠰᠤᠭᠤᠴᠢᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠪᠦᠷᠢᠯᠳᠦᠭᠦᠯᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠨ᠎ᠡ᠃      ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠥᠪᠡᠰᠦᠪᠡᠨ ᠦᠨᠡᠯᠡᠭᠰᠡᠨ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠬᠢᠨᠠᠨ ᠬᠡᠮᠵᠢᠭᠰᠡᠨ ᠪᠠ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠨᠡᠶᠢᠲᠡᠯᠢᠭ ᠲᠤᠷᠰᠢᠯᠭ᠎ᠠ ᠶᠢ ᠳ᠋ᠦ᠋ᠶᠢᠩᠨᠡᠵᠦ᠂ ᠠᠰᠠᠭᠤᠳᠠᠯ ᠤᠨ ᠨᠠᠷᠢᠨ ᠬᠠᠭᠤᠳᠠᠰᠤ ᠵᠢᠭᠰᠠᠭᠠᠭᠠᠳ᠂ ᠦᠨᠡᠯᠡᠯᠲᠡ ᠶᠢᠨ ᠰᠠᠨᠠᠯ ᠪᠣᠯᠭᠠᠵᠤ᠂ ᠪᠠᠶᠢᠴᠠᠭᠠᠭᠳᠠᠭᠰᠠᠨ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠨ᠎ᠠ᠃      ᠠᠷᠪᠠᠨ ᠬᠤᠶᠠᠳᠤᠭᠠᠷ ᠵᠦᠢᠯ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠲᠣᠭᠲᠠᠭᠠᠵᠤ᠂ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠦᠵᠡᠵᠦ ᠪᠠᠶᠢᠭᠠᠳ ᠳᠠᠬᠢᠨ ᠪᠠᠶᠢᠴᠠᠭᠠᠯᠲᠠ ᠬᠢᠨ᠎ᠡ᠃      ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠨᠢ ᠠᠶᠢᠮᠠᠭ ᠬᠤᠳᠠ ᠶᠢᠨ ᠱᠠᠲᠤᠨ ᠤ ᠥᠪᠡᠰᠦᠪᠡᠨ ᠪᠠᠶᠢᠴᠠᠭᠠᠭᠰᠠᠨ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠬᠢᠨᠠᠨ ᠬᠡᠮᠵᠢᠭᠰᠡᠨ᠂ ᠪᠣᠳᠠᠲᠠᠶ ᠭᠠᠵᠠᠷ ᠲᠤᠨᠢ ᠪᠠᠶᠢᠴᠠᠭᠠᠭᠰᠠᠨ᠂ ᠴᠡᠭᠴᠡᠯᠡᠨ ᠰᠠᠶᠢᠵᠢᠷᠠᠭᠤᠯᠤᠭᠰᠠᠨ ᠢ ᠨᠢ ᠳᠠᠬᠢᠨ ᠪᠠᠶᠢᠴᠠᠭᠠᠭᠰᠠᠨ ᠵᠡᠷᠭᠡ ᠪᠠᠶᠢᠳᠠᠯ ᠢ ᠶᠡᠷᠦᠩᠬᠡᠶᠢᠯᠡᠵᠦ ᠪᠠᠶᠢᠭᠠᠳ᠂ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠣᠨ ᠤ ᠦᠨᠡᠯᠡᠯᠲᠡ ᠶᠢᠨ ᠮᠡᠳᠡᠭᠦᠯᠦᠯᠲᠡ ᠪᠣᠯᠭᠠᠵᠤ᠂ ᠥᠪᠡᠷᠲᠡᠭᠡᠨ ᠵᠠᠰᠠᠭ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠬᠢᠨᠠᠨ ᠲᠣᠭᠲᠠᠭᠠᠯᠭᠠᠬᠤ ᠪᠠᠷ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠢᠯᠡ ᠨᠡᠶᠢᠲᠡᠯᠡᠨ᠎ᠡ᠃      ᠳᠥᠷᠪᠡᠳᠦᠭᠡᠷ ᠪᠦᠯᠦᠭ ᠦᠨᠡᠯᠡᠯᠲᠡ ᠶᠢᠨ ᠳ᠋ᠦᠩ ᠤᠨ ᠬᠡᠷᠡᠭᠯᠡᠯᠲᠡ      ᠠᠷᠪᠠᠨ ᠳᠥᠷᠪᠡᠳᠦᠭᠡᠷ ᠵᠦᠢᠯ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠨᠡᠯᠡᠯᠲᠡ ᠶᠢᠨ ᠳ᠋ᠦᠩ ᠢ ᠰᠢᠯᠢᠳᠡᠭ᠂ ᠬᠢᠷᠢ ᠲᠡᠩᠴᠡᠬᠦ᠂ ᠬᠢᠷᠢ ᠲᠡᠩᠴᠡᠬᠦ ᠦᠭᠡᠢ ᠭᠡᠵᠦ ᠭᠤᠷᠪᠠᠨ ᠳᠡᠰ ᠬᠤᠪᠢᠶᠠᠨ᠎ᠠ᠃ ᠬᠤᠯᠪᠣᠭᠳᠠᠯ ᠪᠦᠬᠦᠢ ᠦᠨᠡᠯᠡᠯᠲᠡ ᠶᠢᠨ ᠠᠭᠤᠯᠭ᠎ᠠ ᠪᠣᠯᠣᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠮᠥᠷᠲᠡᠭᠡᠨ ᠨᠡᠮᠡᠭᠦᠷᠢ ᠬᠤᠪᠢ ᠨᠢ ≥ 85 ᠬᠤᠪᠢ ᠪᠣᠯ ᠰᠢᠯᠢᠳᠡᠭ ᠢᠶᠠᠷ ᠪᠤᠳᠤᠨ᠎ᠠ︔ ᠬᠤᠯᠪᠣᠭᠳᠠᠯ ᠪᠦᠬᠦᠢ ᠦᠨᠡᠯᠡᠯᠲᠡ ᠶᠢᠨ ᠠᠭᠤᠯᠭ᠎ᠠ ᠪᠣᠯᠣᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠦᠨᠳᠦᠰᠦᠨ ᠳᠡᠭᠡᠨ ᠬᠦᠷᠦᠭᠰᠡᠨ ᠮᠥᠷᠲᠡᠭᠡᠨ 60 ᠬᠤᠪᠢ ≤ ᠨᠡᠮᠡᠭᠦᠷᠢ ᠬᠤᠪᠢ < 85 ᠬᠤᠪᠢ ᠪᠠᠶᠢᠵᠤ᠂ ᠭᠡᠪᠡᠴᠦ ᠵᠠᠷᠢᠮ ᠲᠠᠯ᠎ᠠ ᠪᠠᠷ ᠳᠣᠪᠤᠶᠢᠮ᠎ᠠ ᠠᠰᠠᠭᠤᠳᠠᠯ ᠣᠷᠣᠰᠢᠵᠤ᠂ ᠠᠯᠢ ᠴᠢᠳᠠᠬᠤ ᠪᠠᠷ ᠲᠦᠷᠭᠡᠬᠡᠨ ᠬᠠᠯᠠᠨ ᠰᠠᠶᠢᠵᠢᠷᠠᠭᠤᠯᠬᠤ ᠴᠢᠬᠤᠯᠠᠲᠠᠢ ᠪᠣᠯ ᠬᠢᠷᠢ ᠲᠡᠩᠴᠡᠭᠰᠡᠨ ᠢᠶᠠᠷ ᠪᠤᠳᠤᠨ᠎ᠠ︔ ᠭᠤᠣᠯ ᠠᠵᠢᠯ ᠪᠣᠯᠣᠨ ᠭᠤᠣᠯ ᠭᠦᠢᠴᠡᠳᠬᠡᠯ ᠲᠤᠭ᠎ᠠ ᠨᠢ ᠱᠠᠭᠠᠷᠳᠠᠯᠭ᠎ᠠ ᠳᠤ ᠬᠥᠷᠥᠭᠡᠳᠥᠢ ᠮᠥᠷᠲᠡᠭᠡᠨ ᠨᠡᠮᠡᠭᠦᠷᠢ ᠬᠤᠪᠢ ᠨᠢ < 60 ᠬᠤᠪᠢ ᠪᠣᠯ ᠬᠢᠷᠢ ᠲᠡᠩᠴᠡᠬᠦ ᠦᠭᠡᠶ ᠪᠠᠷ ᠪᠣᠳᠣᠨ᠎ᠠ᠃ ᠦᠨᠡᠯᠡᠭᠰᠡᠨ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠶᠢᠮᠠᠭ ᠬᠤᠲᠠ ᠶᠢᠨ ᠱᠠᠲᠤᠨ ᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠨᠢᠭᠡ ᠦᠶᠡᠯᠡᠯ ᠤᠨ ᠬᠤᠭᠤᠴᠠᠭᠠᠨ ᠤ ᠬᠢᠨᠠᠨ ᠵᠢᠯᠣᠭᠤᠳᠴᠤ ᠦᠨᠡᠯᠡᠨ ᠵᠢᠱᠢᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠯᠢᠳᠡᠭ ᠵᠡᠷᠭᠡ ᠳᠡᠰ ᠣᠯᠣᠭᠰᠠᠨ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠪᠦᠲᠦᠮᠵᠢ ᠪᠠᠷ ᠳᠣᠪᠤᠶᠢᠮ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠷᠢᠭᠦᠨ ᠤ ᠬᠤᠪᠢ ᠬᠥᠮᠦᠨ ᠢ ᠱᠠᠩᠨᠠᠨ ᠬᠦᠬᠢᠭᠦᠯᠦᠨ᠎ᠡ᠃       ᠠᠷᠪᠠᠨ ᠲᠠᠪᠤᠳᠤᠭᠠᠷ ᠵᠦᠢᠯ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠴᠦᠨ ᠦᠭᠡᠢ᠂ ᠰᠤᠷᠭᠠᠨ ᠬᠥᠮᠦᠵᠢᠯ ᠤᠨ ᠠᠮᠤᠷ ᠲᠥᠪᠰᠢᠨ ᠤ ᠣᠨᠴᠠ ᠬᠦᠨᠳᠦ ᠶᠡᠭᠡ ᠡ᠊ᠨᠳᠡᠯ ᠭᠠᠷᠴᠤ᠂ ᠬᠤᠳᠠᠯ ᠬᠠᠭᠤᠷᠮᠠᠭ ᠵᠣᠬᠢᠶᠠᠭᠰᠠᠨ ᠦᠢᠯᠡ ᠠᠵᠢᠯᠯᠠᠭ᠎ᠠ ᠲᠠᠢ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠪᠣᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠨᠢ ᠵᠣᠬᠢᠬᠤ ᠬᠡᠯᠪᠡᠷᠢ ᠪᠠᠷ ᠪᠣᠯᠵᠣᠨ ᠶᠠᠷᠢᠯᠴᠠᠵᠤ᠂ ᠨᠡᠪᠲᠡᠷᠡᠭᠦᠯᠦᠨ ᠰᠢᠭᠦᠮᠵᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠢᠳᠬᠡᠯ ᠥᠭᠬᠦ ᠰᠠᠨᠠᠭᠤᠯᠭ᠎ᠠ ᠳᠤᠷᠠᠳᠤᠨ᠎ᠠ᠃      ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ      ᠠᠷᠪᠠᠨ ᠵᠢᠷᠭᠤᠳᠤᠭᠠᠷ ᠵᠦᠢᠯ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠶᠢ ᠦᠨᠳᠦᠰᠦᠯᠡᠨ᠂ ᠲᠤᠰ ᠪᠡᠶ᠎ᠡ ᠶᠢᠨ ᠪᠤᠳᠠᠲᠠᠢ ᠲᠠᠢ ᠪᠠᠨ ᠤᠶᠠᠯᠳᠤᠭᠤᠯᠵᠤ᠂ ᠨᠢᠭᠡᠨᠲᠡ ᠦᠷᠨᠢᠭᠦᠯᠦᠭᠰᠡᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ ᠪᠠᠶᠢᠭᠠᠳ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠬᠦ ᠠᠵᠢᠯ ᠢ ᠦᠷᠨᠢᠭᠦᠯᠦᠨ᠎ᠡ᠃      ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠲᠠᠭᠠᠯᠳᠤᠭᠤᠯᠤᠯ 2      ᠬᠥᠰᠥᠨᠦᠭᠲᠦ1      ᠬᠥᠰᠥᠨᠦᠭᠲᠦ 2      ᠬᠥᠰᠥᠨᠦᠭᠲᠦ 3      ᠬᠥᠰᠥᠨᠦᠭᠲᠦ 4      ᠬᠥᠰᠥᠨᠦᠭᠲᠦ 5      ᠬᠥᠰᠥᠨᠦᠭᠲᠦ 6      ᠬᠥᠰᠥᠨᠦᠭᠲᠦ 7      ᠬᠥᠰᠥᠨᠦᠭᠲᠦ 8      ᠬᠥᠰᠥᠨᠦᠭᠲᠦ 9      ᠬᠥᠰᠥᠨᠦᠭᠲᠦ 10      ᠬᠥᠰᠥᠨᠦᠭᠲᠦ 11      ᠬᠥᠰᠥᠨᠦᠭᠲᠦ 12      ᠬᠥᠰᠥᠨᠦᠭᠲᠦ 13      ᠬᠥᠰᠥᠨᠦᠭᠲᠦ 14      ᠬᠥᠰᠥᠨᠦᠭᠲᠦ 15                              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号