ᠥᠪᠥᠷ ᠮᠣᠩᠭᠤᠯ᠄ ᠡᠨᠡ ᠵᠢᠯ 800 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ  ︽ᠣᠨᠴᠤᠭᠤᠢ ᠠᠵᠢᠯ ᠤᠨ ᠪᠠᠶᠢᠷᠢ ᠶᠢᠨ ᠪᠠᠭᠰᠢ ᠡᠯᠰᠡᠬᠦ︾ ᠎ ᠪᠠᠷ ᠪᠠᠶᠢᠨ᠎ᠠ
ᠨᠡᠶᠢᠲᠡᠯᠡᠭᠰᠡᠨ ᠴᠠᠭ᠄
2018/5/3
     2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠣᠭᠤᠢ ᠠᠵᠢᠯ ᠤᠨ ᠪᠠᠶᠢᠷᠢ ᠶᠢᠨ ᠲᠥᠯᠥᠪᠯᠡᠭᠡᠲᠦ ᠤᠷᠢᠨ ᠡᠯᠰᠡᠯᠲᠡ ︵︽ ᠣᠨᠴᠣᠭᠤᠢ ᠠᠵᠢᠯ ᠤᠨ ᠪᠠᠶᠢᠷᠢ ᠶᠢᠨ ᠲᠥᠯᠥᠪᠯᠡᠭᠡ︾ ᠭᠡᠵᠦ ᠲᠣᠪᠴᠢᠯᠠᠨ᠎ᠠ︶᠎ ᠶᠢ ᠦᠷᠭᠦᠯᠵᠢᠯᠡᠨ ᠬᠡᠷᠡᠭᠵᠢᠭᠦᠯᠵᠦ᠂  800 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ︽ᠣᠨᠴᠤᠭᠤᠢ ᠠᠵᠢᠯ ᠤᠨ ᠪᠠᠶᠢᠷᠢ ᠶᠢᠨ ᠪᠠᠭᠰᠢ ᠡᠯᠰᠡᠬᠦ ︾᠎ ᠪᠠᠷ ᠪᠤᠢ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠄ 5 ᠳ᠋ᠤᠭᠠᠷ ᠰᠠᠷ᠎ᠠ ᠶᠢᠨ 6᠎ ᠤ ᠡᠳᠦᠷ ᠤᠨ 8 ᠴᠠᠭ ᠠᠴᠠ 9᠎ ᠤ ᠡᠳᠦᠷ ᠤᠨ 18 ᠴᠠᠭ ᠪᠣᠯᠲᠠᠯ᠎ᠠ ᠮᠡᠳᠡᠭᠦᠯᠦᠨ᠎ᠡ᠃      ᠡᠯᠰᠡᠬᠦ ᠲᠥᠯᠥᠪᠯᠡᠭᠡ ᠵᠢᠴᠢ ᠠᠵᠢᠯ ᠤᠨ ᠪᠠᠶᠢᠷᠢ ᠲᠣᠬᠢᠷᠠᠭᠤᠯᠤᠭᠰᠠᠨ ᠣᠷᠣᠨ ᠨᠤᠲᠤᠭ      ᠡᠨᠡ ᠵᠢᠯ ᠮᠠᠨ ᠤ ᠣᠷᠣᠨ ᠬᠥᠬᠡᠬᠤᠲᠠ᠂ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠳᠠ᠂ ᠠᠯᠠᠱᠠ ᠠᠶᠢᠮᠠᠭ ᠵᠡᠷᠭᠡ 8 ᠠᠶᠢᠮᠠᠭ ᠬᠤᠲᠠ ᠶᠢᠨ 21 ᠬᠤᠰᠢᠭᠤ ᠰᠢᠶᠠᠨ ᠲᠣᠭᠤᠷᠢᠭ ︵ᠬᠤᠳᠠ︶᠎ ᠲᠤ ᠲᠥᠯᠥᠪᠯᠡᠭᠡᠲᠦ ᠣᠨᠴᠤᠭᠤᠢ ᠠᠵᠢᠯ ᠤᠨ ᠪᠠᠶᠢᠷᠢ ᠲᠣᠬᠢᠷᠠᠭᠤᠯᠵᠤ᠂ ᠪᠠᠭ᠎ᠠ ᠰᠤᠷᠭᠠᠭᠤᠯᠢ ᠪᠣᠯᠣᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 800 ᠨᠡᠷᠡᠰ ᠪᠠᠭᠰᠢ ᠤᠷᠢᠵᠤ ᠡᠯᠰᠡᠬᠦ ᠪᠠᠷ ᠪᠠᠶᠢᠨ᠎ᠠ᠃  ︽ᠣᠨᠴᠤᠭᠤᠢ ᠠᠵᠢᠯ ᠤᠨ ᠪᠠᠶᠢᠷᠢ ᠶᠢᠨ ᠪᠠᠭᠰᠢ︾ ᠤᠷᠢᠵᠤ ᠡᠯᠰᠡᠬᠦ ᠳᠤ ᠬᠡᠯᠡ ᠪᠢᠴᠢᠭ᠂ ᠮᠣᠩᠭᠤᠯ ᠢᠶᠠᠷ ᠬᠢᠴᠢᠶᠡᠯᠯᠡᠬᠦ ᠬᠢᠲᠠᠳ ᠬᠡᠯᠡ᠂ ᠲᠣᠭᠠᠨ ᠤ ᠤᠬᠠᠭᠠᠨ᠂  ᠭᠠᠳᠠᠭᠠᠳᠤ ᠬᠡᠯᠡ᠂ ᠹᠢᠽᠢᠺ᠂ ᠬᠢᠮᠢ᠂ ᠠᠮᠢᠳᠤ ᠪᠣᠳᠠᠰ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠢ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ︵ᠬᠥᠯ ᠪᠥᠮᠪᠦᠭᠡ ᠶᠢᠨ ᠴᠢᠭᠯᠡᠯ︶᠂ ᠤᠷᠠᠨ ᠵᠢᠷᠤᠭ᠂ ᠮᠡᠳᠡᠭᠡ ᠵᠠᠩᠭᠢ ᠶᠢᠨ ᠮᠡᠷᠭᠡᠵᠢᠯ᠂ ᠰᠢᠨᠵᠢᠯᠡᠬᠦ ᠤᠬᠠᠭᠠᠨ᠂ ᠣᠨᠴᠤᠭᠤᠢ ᠰᠤᠷᠭᠠᠨ ᠬᠥᠮᠦᠵᠢᠯ ᠤᠨ ᠬᠢᠴᠢᠶᠡᠯ ᠲᠥᠷᠥᠯ ᠵᠡᠷᠭᠡ 17 ᠬᠢᠴᠢᠶᠡᠯ ᠲᠥᠷᠥᠯ ᠬᠤᠯᠪᠣᠭᠳᠠᠨ᠎ᠠ᠃ ᠬᠡᠰᠡᠭ ᠰᠢᠨᠵᠢᠯᠡᠭᠡᠨ ᠤ ᠬᠢᠴᠢᠶᠡᠯ ᠲᠥᠷᠥᠯ ᠬᠢᠲᠠᠳ ᠢᠶᠠᠷ ᠬᠢᠴᠢᠶᠡᠯᠯᠡᠬᠦ ᠬᠡᠯᠡ ᠪᠠ ᠮᠣᠩᠭᠤᠯ ᠢᠶᠠᠷ ᠬᠢᠴᠢᠶᠡᠯᠯᠡᠬᠦ  ᠬᠡᠯᠡ ᠭᠡᠵᠦ ᠬᠤᠪᠢᠶᠠᠨ᠎ᠠ᠃      ᠡᠨᠡ ᠵᠢᠯ ᠮᠠᠨ ᠤ ᠣᠷᠣᠨ ᠤ ︽ᠣᠨᠴᠤᠭᠤᠢ ᠠᠵᠢᠯ ᠤᠨ ᠪᠠᠶᠢᠷᠢ ᠶᠢᠨ ᠲᠥᠯᠥᠪᠯᠡᠭᠡ︾᠎ ᠶᠢᠨ ᠠᠵᠢᠯ ᠤᠨ ᠪᠠᠶᠢᠷᠢ ᠲᠣᠬᠢᠷᠠᠭᠤᠯᠤᠭᠰᠠᠨ ᠬᠤᠰᠢᠭᠤ ᠰᠢᠶᠠᠨ ᠲᠣᠭᠤᠷᠢᠭ ︵ᠬᠤᠳᠠ︶᠎ ᠨᠢ᠄ ᠬᠥᠬᠡᠬᠤᠲᠠ ᠶᠢᠨ ᠴᠢᠩ ᠱᠦᠢ ᠾᠧ ᠰᠢᠶᠠᠨ᠂ ᠪᠤᠭᠤᠲᠤ ᠬᠤᠲᠠ ᠶᠢᠨ ᠭᠦᠶᠡᠩ ᠰᠢᠶᠠᠨ᠂ ᠬᠥᠯᠥᠨ ᠪᠤᠶᠢᠷ ᠬᠤᠲᠠ ᠶᠢᠨ ᠡᠷᠭᠦᠨ᠎ᠡ ᠬᠤᠲᠠ᠂ ᠡᠸᠡᠩᠬᠢ ᠬᠤᠰᠢᠭᠤ᠂ ᠣᠷᠴᠣᠨ ᠬᠤᠰᠢᠭᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠵᠠᠯᠠᠨ ᠠᠶᠢᠯ ᠬᠤᠳᠠ᠂ ᠬᠠᠭᠤᠴᠢᠨ ᠪᠠᠷᠭᠤ ᠬᠤᠰᠢᠭᠤ᠂ ᠬᠢᠩᠭᠠᠨ ᠠᠶᠢᠮᠠᠭ ᠤᠨ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠵᠠᠷᠤᠳ ᠬᠤᠰᠢᠭᠤ᠂ ᠺᠠᠶᠢᠯᠦ ᠰᠢᠶᠠᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠰᠢᠯᠢ ᠶᠢᠨ ᠭᠤᠣᠯ ᠠᠶᠢᠮᠠᠭ ᠤᠨ ᠳᠣᠯᠣᠨ ᠨᠠᠭᠤᠷ ᠰᠢᠶᠠᠨ᠂ ᠪᠠᠶᠠᠨᠨᠠᠭᠤᠷ ᠬᠤᠳᠠ ᠶᠢᠨ ᠦᠶᠤᠸᠠᠨ ᠰᠢᠶᠠᠨ᠂ ᠳ᠋ᠧᠩᠺᠧᠤ ᠰᠢᠶᠠᠨ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠪᠣᠯᠣᠨ᠎ᠠ᠃      ᠤᠷᠢᠨ ᠡᠯᠰᠡᠭᠳᠡᠭᠰᠡᠳ ᠵᠢᠴᠢ ᠨᠥᠬᠦᠴᠡᠯ      ᠤᠷᠢᠨ ᠡᠯᠰᠡᠭᠳᠡᠭᠰᠡᠳ᠄ ᠣᠷᠣᠨ ᠤ ᠳᠣᠲᠣᠷ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ  ᠶᠡᠭᠡ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠨ ᠥᠪᠥᠷ ᠮᠣᠩᠭᠤᠯ ᠤᠨ ᠡᠷᠦᠬᠡ ᠠᠮᠠ ᠲᠠᠢ ᠰᠤᠷᠤᠭᠴᠢᠳ︔ ︽ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠬᠡᠰᠡᠭ ᠤᠨ ᠭᠠᠵᠠᠷ ᠣᠷᠣᠨ ᠳᠤ ᠦᠢᠯᠡᠴᠢᠯᠡᠬᠦ ᠲᠥᠯᠥᠪᠯᠡᠭᠡ︾᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ᠲᠥᠯᠥᠪᠯᠡᠭᠡ︾᠂ ︽ᠣᠶᠤᠲᠠᠨ ᠭᠠᠴᠠᠭᠠᠨ ᠳᠠᠷᠤᠭ᠎ᠠ︾᠎ ᠳᠤ ᠣᠷᠣᠯᠴᠠᠵᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠪᠥᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠ  ︽ᠤᠯᠤᠰ ᠤᠨ ᠲᠠᠰ ᠤᠨ ᠪᠣᠯᠪᠠᠰᠤᠷᠠᠭᠤᠯᠤᠯ ᠤᠨ ᠲᠥᠯᠥᠪᠯᠡᠭᠡ︾᠎ ᠶᠢᠨ ᠠᠵᠢᠯ ᠤᠨ ᠪᠠᠶᠢᠷᠢ ᠣᠷᠣᠯᠠᠨ ᠰᠣᠯᠢᠬᠤ ᠳᠠᠳᠤᠯᠭ᠎ᠠ ᠳᠤ ᠣᠷᠣᠯᠴᠠᠭᠰᠠᠨ ᠪᠥᠭᠡᠳ ᠪᠡᠶᠡᠯᠡᠭᠦᠯᠦᠭᠰᠡᠨ ᠪᠤᠶᠤ ᠳᠠᠳᠤᠯᠭ᠎ᠠ ᠶᠢᠨ ᠪᠠᠭᠰᠢ ᠪᠠᠷ ᠬᠠᠭᠠᠰ ᠵᠢᠯ ᠠᠴᠠ ᠳᠡᠭᠡᠭᠰᠢ ᠠᠵᠢᠯᠯᠠᠭᠰᠠᠨ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠠᠳᠠᠯᠢ ᠨᠥᠬᠦᠴᠡᠯ ᠳᠣᠣᠷ᠎ᠠ ᠤᠷᠢᠳᠠᠪᠠᠷ ᠡᠯᠰᠡᠵᠦ ᠬᠡᠷᠡᠭᠯᠡᠨ᠎ᠡ᠃ ᠠᠵᠢᠯ ᠤᠨ ᠪᠠᠶᠢᠷᠢ ᠳᠤ ᠪᠠᠶᠢᠭ᠎ᠠ ︽ᠣᠨᠴᠤᠭᠤᠢ ᠠᠵᠢᠯ ᠤᠨ ᠪᠠᠶᠢᠷᠢ ᠶᠢᠨ ᠪᠠᠭᠰᠢ︾ ᠪᠤᠶᠤ ᠤᠯᠤᠰ ᠤᠨ ᠠᠵᠢᠯ ᠤᠨ ᠪᠠᠶᠢᠷᠢᠨ ᠳᠤ ᠪᠠᠶᠢᠭ᠎ᠠ ᠣᠷᠣᠨ ᠲᠣᠭᠠᠨ ᠲᠠᠢ ᠠᠯᠪᠠᠨ ᠲᠤᠰᠢᠶᠠᠯᠲᠠᠨ ᠰᠢᠯᠭᠠᠭᠤᠯᠵᠤ ᠪᠣᠯᠬᠤ ᠥᠬᠡᠶ᠃      ᠡᠯᠰᠡᠬᠦ ᠨᠥᠬᠦᠴᠡᠯ᠄      ᠨᠠᠰᠤᠨ ᠤ ᠱᠠᠭᠠᠷᠳᠠᠯᠭ᠎ᠠ᠂ ᠨᠠᠰᠤ ᠵᠢᠯ ᠨᠢ  ᠪᠦᠬᠦᠯᠢ 28 ᠨᠠᠰᠤᠨ ᠠᠴᠠ ᠬᠡᠲᠦᠷᠡᠵᠦ ᠪᠣᠯᠬᠤ ᠦᠭᠡᠢ ︵1990 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠬᠤᠶᠢᠰᠢ ᠲᠦᠷᠦᠭᠰᠡᠳ᠂ 5 ᠳ᠋ᠤᠭᠠᠷ ᠰᠠᠷ᠎ᠠ ᠶᠢᠨ 1᠎ ᠤ ᠡᠳᠦᠷ ᠪᠠᠭᠲᠠᠨ᠎ᠠ︶᠃      ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ᠂ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠠᠴᠠ ᠲᠤᠰ ᠬᠤᠭᠤᠴᠠᠭ᠎ᠠ ᠪᠤᠶᠤ ᠥᠩᠭᠡᠷᠡᠭᠰᠡᠨ ᠬᠤᠭᠤᠴᠠᠭᠠᠨ ᠤ  ᠵᠢᠩᠬᠢᠨᠢ ᠠᠩᠭᠢ ᠵᠢᠴᠢ ᠵᠢᠩᠬᠢᠨᠢ ᠠᠩᠭᠢ ᠠᠴᠠ ᠳᠡᠭᠡᠭᠰᠢᠬᠢ ᠲᠡᠭᠦᠰᠦᠭᠰᠡᠳ ︵ᠪᠦᠬᠦᠯᠢ ᠡᠳᠦᠷ ᠤᠨ ᠳᠦᠷᠢᠮᠲᠦ ᠠᠰᠫᠢᠷᠠᠨᠲ ᠢᠶᠠᠷ ᠰᠤᠷᠤᠯᠴᠠᠵᠤ ᠪᠠᠶᠢᠭ᠎ᠠ ᠰᠤᠷᠤᠭᠴᠢ ᠰᠢᠯᠭᠠᠭᠤᠯᠵᠤ ᠪᠣᠯᠬᠤ ᠦᠭᠡᠶ︶︔ ᠣᠷᠴᠢᠮ ᠤᠨ ᠭᠤᠷᠪᠠᠨ ᠵᠢᠯ ᠳᠤ ᠲᠡᠭᠦᠰᠦᠭᠰᠡᠨ ︵2016 ᠣᠨ ᠵᠢᠴᠢ ᠡᠭᠦᠨ ᠠᠴᠠ ᠰᠡᠭᠦᠯᠡᠷ ᠲᠡᠭᠦᠰᠦᠭᠰᠡᠨ︶ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠥᠷᠥᠯ ᠤᠨ ᠲᠤᠰᠬᠠᠶ ᠮᠡᠷᠭᠡᠵᠢᠯ ᠤᠨ ᠠᠩᠬᠢ ᠠᠴᠠ ᠲᠡᠭᠦᠰᠦᠭᠰᠡᠳ ᠪᠣᠯ᠂ ᠪᠠᠭ᠎ᠠ ᠰᠤᠷᠭᠠᠭᠤᠯᠢ ᠶᠢᠨ ︽ᠣᠨᠴᠤᠭᠤᠢ ᠠᠵᠢᠯ ᠤᠨ ᠪᠠᠶᠢᠷᠢ ᠶᠢᠨ ᠪᠠᠭᠰᠢ︾᠎ ᠶᠢᠨ ᠠᠵᠢᠯ ᠤᠨ ᠪᠠᠶᠢᠷᠢᠨ ᠳᠤ ᠮᠡᠳᠡᠭᠦᠯᠦᠨ ᠰᠢᠯᠭᠠᠭᠤᠯᠵᠤ ᠪᠣᠯᠤᠨ᠎ᠠ᠃      ᠲᠤᠰᠬᠠᠶ ᠮᠡᠷᠭᠡᠵᠢᠯ ᠤᠨ ᠱᠠᠭᠠᠷᠳᠠᠯᠭ᠎ᠠ᠂ ᠰᠤᠷᠤᠭᠰᠠᠨ ᠲᠤᠰᠬᠠᠶ ᠮᠡᠷᠭᠡᠵᠢᠯ ᠨᠢ ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠬᠢᠴᠢᠶᠡᠯ ᠲᠥᠷᠥᠯ ᠲᠠᠢ ᠨᠢᠭᠡᠳᠦᠯᠲᠡᠢ ᠪᠠᠶᠢᠬᠤ ᠶᠢ ᠱᠠᠭᠠᠷᠳᠠᠨ᠎ᠠ︔ ᠪᠠᠭᠰᠢ ᠶᠢᠨ ᠬᠢᠷᠢ ᠬᠡᠮ ᠤᠨ ᠦᠨᠡᠮᠯᠡᠯ ᠤᠨ ᠱᠠᠭᠠᠷᠳᠠᠯᠭ᠎ᠠ᠂ ᠰᠢᠯᠭᠠᠯᠲᠠ ᠳᠤ ᠨᠡᠷ᠎ᠡ ᠮᠡᠳᠡᠭᠦᠯᠦᠭᠰᠡᠳ ᠡᠷᠬᠡᠪᠰᠢ ᠬᠠᠷᠢᠴᠠᠩᠭᠤᠢ ᠪᠦᠬᠦᠢ ᠪᠠᠭᠰᠢ ᠶᠢᠨ ᠬᠢᠷᠢ ᠬᠡᠮ ᠤᠨ ᠦᠨᠡᠮᠯᠡᠯ ᠣᠯᠣᠭᠰᠠᠨ ᠪᠠᠶᠢᠬᠤ ᠮᠥᠷᠲᠡᠭᠡᠨ ᠲᠤᠰᠬᠠᠶ ᠮᠡᠷᠭᠡᠵᠢᠯ ᠨᠢ ᠡᠷᠬᠡᠪᠰᠢ  ᠰᠤᠷᠤᠭᠰᠠᠨ ᠲᠤᠰᠬᠠᠶ ᠮᠡᠷᠭᠡᠵᠢᠯ ᠯᠦᠭᠡ ᠠᠳᠠᠯᠢ ᠪᠤᠶᠤ ᠠᠳᠠᠯᠢᠪᠲᠤᠷ ᠪᠠᠶᠢᠬᠤ ᠬᠡᠷᠡᠭᠲᠡᠢ᠃      ᠪᠡᠶ᠎ᠡ ᠮᠠᠬᠠᠪᠣᠳ ᠤᠨ ᠨᠥᠬᠦᠴᠡᠯ᠂ ᠰᠡᠶᠢᠠ ᠰᠠᠶᠢᠬᠠᠨ ᠪᠡᠶ᠎ᠡ ᠮᠠᠬᠠᠪᠣᠳ ᠤᠨ ᠬᠡᠪ ᠴᠢᠨᠠᠷ ᠪᠣᠯᠤᠨ ᠰᠡᠳᠬᠢᠯ ᠤᠨ ᠬᠡᠪ ᠴᠢᠨᠠᠷ ᠲᠠᠢ ᠪᠠᠶᠢᠵᠤ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠠᠯᠳᠠᠪᠤᠷᠢᠲᠤ ᠡᠪᠡᠳᠴᠢᠨ ᠦᠭᠡᠶ᠂ ᠮᠡᠳᠡᠷᠡᠯ ᠤᠨ ᠡᠪᠡᠳᠴᠢᠨ ᠣᠯᠵᠤ ᠥᠩᠭᠡᠷᠡᠭᠰᠡᠨ ᠥᠬᠡᠶ᠂ ᠰᠤᠷᠭᠠᠨ ᠬᠥᠮᠦᠵᠢᠯ ᠤᠨ ᠠᠵᠢᠯ ᠤᠨ  ᠬᠡᠷᠡᠭᠴᠡᠭᠡ ᠳᠤ ᠲᠣᠬᠢᠷᠠᠭᠰᠠᠨ ᠪᠠᠶᠢᠬᠤ ᠲᠠᠢ ᠪᠠᠶᠢᠬᠤ ᠬᠡᠷᠡᠭᠲᠡᠢ᠃      ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ᠂ ᠰᠤᠷᠭᠠᠨ‌‍ᠬᠥ᠋ᠮᠥᠵᠢᠯ ᠤᠨ ᠵᠢᠭᠠᠨ ᠰᠤᠷᠭᠠᠬᠤ ᠠᠵᠢᠯ ᠢ ᠬᠢᠬᠦ ᠳᠤ ᠪᠦᠷᠢᠯᠳᠦᠭᠦᠯᠪᠡᠰᠦ ᠵᠣᠬᠢᠬᠤ ᠬᠡᠪ ᠴᠢᠨᠠᠷ ᠲᠠᠢ ᠪᠠᠶᠢᠵᠤ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠦᠨᠳᠦᠰᠦᠨ ᠤᠨᠤᠯ ᠪᠣᠯᠤᠨ ᠮᠡᠷᠭᠡᠵᠢᠯ ᠤᠨ ᠴᠢᠳᠠᠪᠤᠷᠢ ᠶᠢ ᠠᠩᠬ᠎ᠠ ᠠᠯᠬᠤᠮ ᠡᠵᠡᠮᠰᠢᠨ ᠬᠡᠷᠡᠭᠯᠡᠵᠦ᠂  ᠤᠷᠢᠨ ᠡᠯᠰᠡᠬᠦ ᠠᠵᠢᠯ ᠤᠨ ᠪᠠᠶᠢᠷᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠬᠢᠵᠦ ᠴᠢᠳᠠᠬᠤ ᠱᠠᠭᠠᠷᠳᠠᠯᠭ᠎ᠠ ᠳᠤ ᠨᠡᠶᠢᠴᠡᠭᠰᠡᠨ  ᠪᠠᠶᠢᠬᠤ ᠬᠡᠷᠡᠭᠲᠡᠢ᠃     ᠦᠵᠡᠯ ᠰᠠᠨᠠᠭ᠎ᠠ ᠶᠣᠰᠣ ᠮᠣᠷᠠᠯ ᠤᠨ ᠨᠥᠬᠦᠴᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠬᠠᠤᠯᠢ ᠶᠢ ᠰᠠᠬᠢᠨ ᠰᠠᠬᠢᠯᠭ᠎ᠠ ᠶᠢ ᠵᠢᠷᠤᠮᠯᠠᠳᠠᠭ᠂  ᠦᠵᠡᠯ ᠰᠠᠨᠠᠭ᠎ᠠ ᠤᠯᠤᠰ ᠲᠦᠷᠦ ᠶᠢᠨ ᠰᠡᠶᠢᠠ ᠰᠠᠶᠢᠬᠠᠨ ᠬᠡᠪ ᠴᠢᠨᠠᠷ ᠪᠣᠯᠤᠨ ᠶᠣᠰᠣ ᠮᠣᠷᠠᠯ ᠵᠠᠩ ᠴᠢᠨᠠᠷ ᠲᠠᠢ ᠪᠠᠶᠢᠵᠤ᠂  ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠨ᠂ ︽ᠪᠠᠭᠰᠢ ᠶᠢᠨ ᠡᠷᠬᠢᠯᠡᠭᠰᠡᠨ ᠠᠵᠢᠯ ᠤᠨ ᠶᠣᠰᠣ ᠮᠣᠷᠠᠯ ᠤᠨ ᠵᠢᠷᠤᠮᠵᠢᠯ︾᠎ ᠢ ᠤᠬᠠᠮᠰᠠᠷ ᠠᠴᠠ ᠪᠠᠨ ᠵᠢᠷᠤᠮᠯᠠᠨ ᠰᠠᠬᠢᠳᠠᠭ  ᠪᠠᠶᠢᠬᠤ ᠬᠡᠷᠡᠭᠲᠡᠢ ᠃      ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ ᠪᠢᠷ ᠤᠨ ᠰᠢᠯᠭᠠᠯᠲᠠ ᠤᠨ ᠴᠠᠭ      5 ᠳ᠋ᠤᠭᠠᠷ ᠰᠠᠷ᠎ᠠ ᠶᠢᠨ 6᠎ ᠤ ᠡᠳᠦᠷ ᠤᠨ 8 ᠴᠠᠭ ᠠᠴᠠ 9᠎ ᠤ ᠡᠳᠦᠷ ᠤᠨ 18 ᠴᠠᠭ ᠪᠣᠯᠲᠠᠯ᠎ᠠ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠢᠯᠭᠠᠭᠤᠯᠤᠭᠰᠠᠳ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠨᠡᠷ᠎ᠡ ᠪᠠᠨ ᠮᠡᠳᠡᠭᠦᠯᠦᠨ᠎ᠡ︔ ᠰᠦᠯᠵᠢᠶᠡᠨ ᠬᠠᠶ᠋ᠢᠭ᠄ http᠄ //www.nm.zsks.cn/᠂ ︽ᠤᠨᠴᠤᠭᠤᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠰᠢᠯᠭᠠᠯᠲᠠ︾᠎ ᠶᠢᠨ ᠰᠤᠪᠠᠭ ᠢᠶᠠᠷ ᠳᠠᠮᠵᠢᠨ᠂ ︽ᠤᠨᠴᠤᠭᠤᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠴᠤᠩᠬᠤᠪᠴᠢ ᠶᠢ ᠨᠡᠭᠡᠭᠡᠵᠤ᠂ ᠨᠡᠷ᠎ᠡ ᠮᠡᠳᠡᠭᠦᠯᠬᠦ ᠰᠢᠰᠲ᠋ᠧᠮ ᠳᠤ ᠤᠷᠤᠨ᠎ᠠ᠃      ᠰᠢᠯᠭᠠᠭᠤᠯᠤᠭᠰᠠᠳ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠠᠴᠠ ᠪᠠᠶᠢᠴᠠᠭᠠᠨ ᠯᠠᠪᠯᠠᠭᠠᠳ ᠬᠢᠷᠢ ᠬᠡᠮ ᠤᠨ ᠠᠩᠬ᠎ᠠ ᠬᠢᠨᠠᠯᠲᠠ ᠶᠢ ᠦᠡᠭᠭᠡᠷᠡᠭᠡᠭᠰᠡᠨ ᠪᠠᠶᠢᠪᠠᠯ᠂ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠰᠣᠩᠭᠤᠭᠰᠠᠨ ᠨᠡᠷ᠎ᠡ ᠮᠡᠳᠡᠭᠦᠯᠬᠦ ᠴᠢᠭ᠋ ᠲᠤ ᠬᠦᠷᠴᠦ ᠲᠤᠬᠠᠶ ᠶᠢᠨ ᠲᠠᠯᠠᠪᠠᠢ ᠳᠤ ᠬᠤᠷᠤᠭᠤᠨ ᠤ ᠬᠤᠷᠢᠶᠠᠬᠤ ᠰᠤᠳᠠᠯ ᠤᠨ ᠮᠡᠳᠡᠭᠡ ᠵᠠᠩᠭᠢ ᠴᠤᠭᠯᠠᠭᠤᠯᠬᠤ ᠪᠠ ᠭᠡᠷᠡᠯ ᠵᠢᠷᠤᠭ ᠪᠠᠨ ᠨᠤᠲᠠᠯᠠᠭᠤᠯᠬᠤ ᠠᠵᠢᠯ ᠢ ᠬᠦᠢᠴᠡᠳᠭᠡᠨ᠎ᠡ᠂ ᠲᠤᠬᠠᠶ ᠶᠢᠨ ᠲᠠᠯᠠᠪᠠᠢ ᠳᠤ ᠨᠤᠲᠠᠯᠠᠬᠤ ᠴᠠᠭ ᠨᠢ 5 ᠳ᠋ᠤᠭᠠᠷ ᠰᠠᠷ᠎ᠠ ᠶᠢᠨ 6᠎ ᠤ ᠡᠳᠦᠷ ᠤᠨ 9 ᠴᠠᠭ ᠠᠴᠠ 10᠎ ᠤ ᠡᠳᠦᠷ ᠤᠨ 17 ᠴᠠᠭ ᠪᠣᠯᠲᠠᠯ᠎ᠠ ᠶᠠᠪᠤᠭᠳᠠᠨ᠎ᠠ᠃      ︽ᠤᠨᠴᠤᠭᠤᠢ ᠠᠵᠢᠯ ᠤᠨ ᠪᠠᠶᠢᠷᠢ ᠶᠢᠨ ᠪᠠᠭᠰᠢ︾ ᠡᠯᠰᠡᠬᠦ ᠡᠯ᠎ᠡ ᠬᠤᠰᠢᠭᠤ ᠰᠢᠶᠠᠨ ︵ᠬᠤᠳᠠ︶᠎ ᠤ ᠪᠠᠶᠢᠭ᠎ᠠ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠯᠭᠠᠭᠤᠯᠤᠭᠰᠠᠳ ᠤᠨ ᠬᠢᠷᠢ ᠬᠡᠮ ᠢ  ᠠᠩᠬ᠎ᠠ ᠬᠢᠨᠠᠬᠤ ᠶᠢ ᠬᠠᠷᠢᠭᠤᠴᠠᠨ᠎ᠠ᠃ ᠠᠩᠬ᠎ᠠ ᠬᠢᠨᠠᠬᠤ ᠴᠠᠭ ᠨᠢ 5 ᠳ᠋ᠤᠭᠠᠷ ᠰᠠᠷ᠎ᠠ ᠶᠢᠨ 6᠎ ᠤ ᠡᠳᠦᠷ ᠠᠴᠠ 5 ᠳ᠋ᠤᠭᠠᠷ ᠰᠠᠷ᠎ᠠ ᠶᠢᠨ 10᠎ ᠤ ᠡᠳᠦᠷ ᠪᠤᠯᠲᠠᠯ᠎ᠠ ᠶᠠᠪᠤᠭᠳᠠᠨ᠎ᠠ᠃      ᠰᠢᠯᠭᠠᠯᠲᠠ ᠳᠤ ᠪᠢᠷ ᠤᠨ ᠰᠢᠯᠭᠠᠯᠲᠠ ᠪᠣᠯᠤᠨ ᠨᠢᠭᠤᠷᠳᠠᠯ ᠰᠢᠯᠭᠠᠯᠲᠠ ︵ᠲᠤᠷᠰᠢᠨ ᠬᠢᠴᠢᠶᠡᠯᠯᠡᠬᠦ︶ ᠪᠠᠭᠲᠠᠨ᠎ᠠ᠃ ᠪᠢᠷ ᠤᠨ ᠰᠢᠯᠭᠠᠯᠲᠠ ᠶᠢᠨ ᠴᠠᠭ ᠨᠢ᠄ 5 ᠳ᠋ᠤᠭᠠᠷ ᠰᠠᠷ᠎ᠠ ᠶᠢᠨ 26᠎ ᠤ ᠡᠳᠦᠷ ᠤᠨ 9 ᠴᠠᠭ ᠠᠴᠠ 11 ᠴᠠᠭ ᠤᠨ 30 ᠮᠢᠨᠦ᠋ᠲ ᠪᠤᠯᠲᠠᠯ᠎ᠠ ᠶᠠᠪᠤᠭᠳᠠᠨ᠎ᠠ︔ ᠨᠢᠭᠤᠷᠳᠠᠯ ᠰᠢᠯᠭᠠᠯᠲᠠ ︵ᠲᠤᠷᠰᠢᠨ ᠬᠢᠴᠢᠶᠡᠯᠯᠡᠬᠦ︶᠎ ᠶᠢᠨ ᠴᠠᠭ ᠎ ᠨᠢ᠄ 6 ᠳ᠋ᠤᠭᠠᠷ ᠰᠠᠷ᠎ᠠ ᠶᠢᠨ 15᠎ ᠤ ᠡᠳᠦᠷ ᠠᠴᠠ 7 ᠳ᠋ᠤᠭᠠᠷ ᠰᠠᠷ᠎ᠠ ᠶᠢᠨ 5᠎ ᠤ ᠡᠳᠦᠷ ᠪᠤᠯᠲᠠᠯ᠎ᠠ ᠶᠠᠪᠤᠭᠳᠠᠨ᠎ᠠ᠂ ᠪᠣᠳᠠᠲᠠᠶ ᠴᠠᠭ᠂ ᠭᠠᠵᠠᠷ ᠢ ᠬᠠᠮᠢᠶ᠎ᠠ ᠪᠥᠬᠦᠶ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠰᠢᠯᠭᠠᠭᠤᠯᠤᠭᠰᠠᠳ ᠤᠨ ᠬᠤᠪᠢ ᠬᠦᠮᠦᠨ ᠳᠤᠨᠢ ᠮᠡᠳᠡᠭᠳᠡᠨ᠎ᠡ᠃ ᠬᠠᠮᠤᠭ ᠡᠴᠦᠰ ᠤᠨ ᠬᠢᠷᠢ ᠪᠦᠲᠦᠮᠵᠢ ᠶᠢ ᠪᠢᠷ ᠤᠨ ᠰᠢᠯᠭᠠᠯᠲᠠ ᠪᠤᠯᠤᠨ ᠨᠢᠭᠤᠷᠳᠠᠯ ᠰᠢᠯᠭᠠᠯᠲᠠ ᠶᠢᠨ ᠬᠢᠷᠢ ᠪᠦᠲᠦᠮᠵᠢ ᠶᠢᠨ 4 ᠄ 6᠎ ᠶᠢᠨ ᠬᠠᠷᠢᠴᠠᠯ ᠢᠶᠠᠷ ᠪᠤᠳᠤᠨ᠎ᠠ᠃      ᠪᠢᠷ ᠤᠨ ᠰᠢᠯᠭᠠᠯᠲᠠ ᠶᠢᠨ ᠠᠭᠤᠯᠭ᠎ᠠ ᠪᠤᠯᠤᠨ ᠬᠤᠪᠢ ᠶᠢᠨ ᠬᠡᠮᠵᠢᠭᠳᠡᠯ᠄ ᠨᠢᠭᠡ ᠰᠢᠯᠭᠠᠯᠲᠠ ᠶᠢᠨ ᠬᠠᠭᠤᠳᠠᠰᠤ ᠎ ᠲᠠᠢ᠂ ᠰᠢᠯᠭᠠᠯᠲᠠ ᠶᠢᠨ ᠠᠭᠤᠯᠭ᠎ᠠ ᠳᠤ ᠰᠤᠷᠭᠠᠨ ᠬᠥᠮᠦᠵᠢᠯ ᠤᠨ ᠤᠬᠠᠭᠠᠨ᠂ ᠰᠤᠷᠭᠠᠨ ᠬᠥᠮᠦᠵᠢᠯ ᠤᠨ ᠰᠡᠳᠬᠢᠴᠡ ᠵᠦᠢ᠂ ᠰᠤᠷᠭᠠᠨ ᠬᠥᠮᠦᠵᠢᠯ ᠤᠨ ᠮᠡᠷᠭᠡᠵᠢᠯ ᠤᠨ ᠤᠬᠠᠭᠠᠨ ᠵᠡᠷᠭᠡ 3 ᠬᠡᠰᠡᠭ ᠪᠠᠭᠲᠠᠨ᠎ᠠ᠂ ᠬᠡᠰᠡᠭ ᠪᠦᠷᠢ ᠶᠢᠨ ᠬᠤᠪᠢ ᠎ ᠨᠢ 50 ᠬᠤᠪᠢ᠂ ᠨᠡᠶᠢᠲᠡ 150 ᠬᠤᠪᠢ ᠪᠣᠯᠤᠨ᠎ᠠ᠃ ᠰᠢᠯᠭᠠᠯᠲᠠ ᠳᠤ ᠳᠠᠪᠲᠠᠬᠤ ᠮᠠᠲ᠋ᠧᠷᠢᠶᠠᠯ ᠢ ᠵᠢᠭᠠᠨ ᠲᠤᠭᠲᠠᠭᠠᠬᠤ ᠦᠭᠡᠢ᠃      ᠪᠢᠷ ᠤᠨ ᠰᠢᠯᠭᠠᠯᠲᠠ ᠶᠢ ᠪᠦᠬᠦ ᠣᠷᠣᠨ ᠳᠤ ᠬᠥᠬᠡᠬᠤᠲᠠ ᠂ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠳᠠ ᠵᠡᠷᠭᠡ ᠨᠡᠶᠢᠲᠡ 8 ᠰᠢᠯᠭᠠᠯᠲᠠ ᠶᠢᠨ ᠲᠣᠭᠤᠷᠢᠭ ᠲᠤᠬᠢᠷᠠᠭᠤᠯᠪᠠ᠃ ᠰᠢᠯᠭᠠᠭᠤᠯᠤᠭᠰᠠᠳ ᠤᠶᠢᠷ᠎ᠠ ᠬᠠᠪᠢ ᠶᠢᠨ ᠭᠠᠵᠠᠷ ᠢᠶᠠᠨ ᠰᠤᠩᠭᠤᠨ ᠰᠢᠯᠭᠠᠯᠲᠠ ᠳᠤ ᠣᠷᠣᠯᠴᠠᠵᠤ ᠪᠣᠯᠤᠨ᠎ᠠ᠃      ᠡᠨᠡ ᠤᠳᠠᠭ᠎ᠠ ᠶᠢᠨ ︽ᠤᠨᠴᠤᠭᠤᠢ ᠠᠵᠢᠯ ᠤᠨ ᠪᠠᠶᠢᠷᠢ ᠶᠢᠨ ᠲᠥᠯᠥᠪᠯᠡᠭᠡ︾᠎ ᠨᠢ ᠣᠷᠣᠨ ᠲᠤᠭ᠎ᠠ ᠲᠠᠢ ᠪᠠᠶᠢᠬᠤ ᠡᠰᠡᠬᠦ ᠶᠢᠨ ᠲᠤᠬᠠᠢ      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠢᠶᠠᠷ᠂ ︽ᠤᠨᠴᠤᠭᠤᠢ ᠠᠵᠢᠯ ᠤᠨ ᠪᠠᠶᠢᠷᠢ ᠶᠢᠨ ᠪᠠᠭᠰᠢ︾᠎ ᠶᠢᠨ 3 ᠵᠢᠯ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠦᠨᠳᠦᠰᠦᠨ ᠱᠠᠲᠤᠨ ᠳᠤ ᠰᠠᠭᠤᠵᠤ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠡᠷᠬᠢᠯᠡᠬᠦ ᠶᠢ ᠨᠢ ᠵᠤᠷᠢᠭᠵᠢᠭᠤᠯᠤᠨ᠎ᠠ︔ ᠰᠠᠶᠢᠨ ᠳᠤᠷ᠎ᠠ ᠠᠴᠠ ᠪᠠᠨ ᠦᠯᠡᠳᠡᠵᠦ ᠪᠠᠭᠰᠢᠯᠠᠪᠠᠯ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠠᠵᠢᠯ ᠤᠨ ᠪᠠᠶᠢᠷᠢ ᠲᠣᠬᠢᠷᠠᠭᠤᠯᠤᠭᠰᠠᠨ ᠬᠤᠰᠢᠭᠤ ᠰᠢᠶᠠᠨ ᠤ ᠣᠷᠣᠨ ᠲᠣᠭᠠᠨ ᠤ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰ ᠲᠤᠰ ᠬᠠᠷᠢᠭᠤᠴᠠᠵᠤ ᠪᠠᠶᠢᠭᠠᠳ ᠣᠷᠣᠨ ᠲᠤᠭ᠎ᠠ ᠪᠤᠯᠤᠨ ᠠᠵᠢᠯ ᠤᠨ ᠪᠠᠶᠢᠷᠢ ᠶᠢ ᠨᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠲᠡᠭᠦᠨ ᠤ ᠴᠠᠯᠢᠩ ᠬᠦᠯᠦᠰᠦ ᠶᠢ ᠲᠤᠬᠠᠶ ᠶᠢᠨ ᠭᠠᠵᠠᠷ ᠤᠨ ᠡᠳ᠋ ᠤᠨ ᠵᠠᠰᠠᠭ ᠤᠨ ᠨᠢᠭᠡᠳᠦᠯᠲᠡᠶ ᠥᠭᠬᠦ ᠬᠡᠪᠴᠢᠶᠡᠨ ᠳᠤ ᠤᠷᠤᠭᠤᠯᠤᠨ᠎ᠠ᠃      ᠣᠶᠢᠯᠠᠭᠠᠭᠰᠠᠨ ᠢᠶᠠᠷ᠂ ︽ᠤᠨᠴᠤᠭᠤᠢ ᠠᠵᠢᠯ ᠤᠨ ᠪᠠᠶᠢᠷᠢ ᠶᠢᠨ ᠲᠥᠯᠥᠪᠯᠡᠭᠡ︾᠎ ᠶᠢᠨ ᠤᠷᠢᠵᠤ ᠡᠯᠰᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠲᠣᠭᠠᠨ ᠤ ᠠᠵᠢᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠤ ᠪᠠᠷ ᠬᠠᠷᠢᠭᠤᠴᠠᠨ᠎ᠠ᠃ ᠵᠣᠷᠢᠯᠭ᠎ᠠ ᠨᠢ ᠪᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ ᠤᠷᠢᠨ ᠡᠯᠰᠡᠵᠤ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠭᠰᠢᠯᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠵᠢᠯ ᠡᠷᠬᠢᠯᠡᠬᠦ ᠶᠢ ᠨᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠢ ᠨᠦᠬᠦᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠰᠢᠩᠭᠡᠭᠡᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠭᠰᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠯᠲᠡ ᠶᠢ ᠠᠬᠢᠭᠤᠯᠬᠤ ᠶᠠᠪᠤᠳᠠᠯ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号