ᠪᠦᠬᠦ ᠤᠷᠤᠨ ᠤ ᠬᠤᠤᠷ ᠴᠠᠭᠠᠵᠠᠯᠠᠬᠤ ᠠᠵᠢᠯ ᠤᠨ ᠬᠤᠷᠡᠯ ᠬᠤᠷᠡᠯᠳᠤᠪᠠ
ᠨᠡᠶᠢᠲᠡᠯᠡᠭᠰᠡᠨ ᠴᠠᠭ᠄
2018/5/31
     ᠪᠦᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 29᠎ ᠤ ᠡᠳᠤᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠲᠤᠭᠠᠳᠤ ᠶᠢ ᠬᠠᠮᠠᠭᠠᠯᠠᠬᠤ ᠲᠢᠩᠬᠢᠮ ᠪᠦᠬᠦ ᠤᠷᠤᠨ ᠤ ᠳᠤᠲᠤᠭᠠᠲᠤ ᠶᠢ ᠬᠠᠮᠠᠭᠠᠯᠠᠬᠤ ᠪᠠᠶᠢᠭᠤᠯᠤᠮᠵᠢ ᠶᠢᠨ ᠬᠠᠷᠠᠭᠠᠨ ᠳᠠᠪᠲᠠᠮᠵᠢᠲᠤ ᠬᠤᠷᠡᠯ ᠢ ᠬᠤᠷᠠᠯᠳᠤᠭᠤᠯᠵᠤ᠂ ᠡᠨᠡ ᠵᠢᠯ ᠲᠤᠷᠰᠢᠬᠢ ᠪᠦᠬᠦ ᠤᠷᠤᠨ ᠤ ᠬᠤᠤᠷ ᠴᠠᠭᠠᠵᠠᠯᠠᠬᠤ ᠠᠵᠢᠯ ᠤᠨ ᠪᠠᠶᠢᠳᠠᠯ ᠢ ᠳ᠋ᠦᠩᠨᠡᠬᠦ ᠶᠢᠨ ᠬᠠᠮᠲᠤ ᠪᠦᠬᠦ ᠤᠯᠤᠰ ᠤᠨ ᠬᠤᠤᠷ ᠴᠠᠭᠠᠵᠠᠯᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠬᠤᠤᠷ ᠴᠠᠭᠠᠵᠠᠯᠠᠬᠤ ᠵᠦᠪᠯᠡᠯ ᠎ ᠤᠨ ᠡᠷᠬᠢᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ᠃      ᠶᠠᠩ ᠸᠧᠢ ᠳ᠋ᠦᠩ ᠵᠢᠭᠠᠭᠰᠠᠨ ᠨᠢ᠂ ᠬᠤᠤᠷ ᠴᠠᠭᠠᠵᠠᠯᠠᠬᠤ ᠠᠵᠢᠯ ᠤᠯᠤᠰ ᠤᠨ ᠠᠮᠤᠷ ᠲᠤᠬᠳᠠᠭᠤᠨ᠂ ᠦᠨᠳᠦᠰᠦᠲᠡᠨ ᠤ ᠮᠠᠨᠳᠤᠯ ᠪᠠᠭᠤᠷᠠᠯ ᠪᠤᠯᠤᠨ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠤᠬᠳᠠᠨ᠎ᠠ᠂ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠨᠡᠩ ᠴᠢᠨᠠᠬᠰᠢᠳᠠ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ᠢᠮᠠᠬᠲᠠ ᠨᠠᠮ ᠪᠤᠯᠤᠨ ᠠᠷᠠᠳ ᠲᠦᠮᠡᠨ ᠳᠤ ᠲᠡᠭᠡᠳᠤ ᠬᠡᠮᠵᠢᠶ᠎ᠡ ᠪᠠᠷ ᠬᠠᠷᠢᠭᠤᠴᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠬᠤᠤᠷ ᠴᠠᠭᠠᠵᠠᠯᠠᠬᠤ ᠠᠷᠠᠳ ᠲᠦᠮᠨᠨ ᠤ ᠳᠠᠶᠢᠯᠠᠯᠳᠤᠭᠠᠨ ᠪᠤᠯᠬᠤ ᠡᠨᠡᠬᠦ ᠬᠠᠳᠠᠭᠤ ᠳᠠᠶᠢᠯᠠᠯᠳᠤᠭᠠᠨ ᠤ ᠢᠯᠡᠯᠲᠠ ᠶᠢ ᠡᠷᠡᠰ ᠲᠠᠮᠡᠴᠡᠨ ᠤᠯᠵᠤ᠂ ᠠᠷᠠᠳ ᠲᠦᠮᠡᠨ ᠎ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠡ ᠪᠠᠷ ᠲᠠᠭᠡᠭᠰᠢᠯᠡᠬᠦᠯᠵᠤ᠂ ᠬᠢᠯᠢ ᠬᠢᠵᠠᠭᠠᠷ ᠤᠨ ᠴᠦᠭᠡᠨ ᠲᠤᠭᠠᠲᠤ ᠦᠨᠳᠦᠰᠦᠲᠡᠨ ᠤ ᠭᠠᠵᠠᠷ ᠤᠷᠤᠨ ᠤ ᠬᠤᠤᠷ ᠴᠠᠭᠠᠵᠠᠯᠠᠬᠤ ᠲᠦᠷᠦᠯ ᠲᠠᠮᠳᠡᠭ ᠢ ᠴᠢᠷᠮᠠᠶᠢᠨ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠪᠦᠬᠦ ᠤᠷᠤᠨ ᠤ ᠬᠤᠤᠷ ᠴᠠᠭᠠᠵᠠᠯᠠᠬᠤ ᠠᠵᠢᠯ ᠤᠨ ᠰᠢᠨ᠎ᠡ ᠪᠠᠶᠢᠳᠠᠯ ᠢ ᠨᠡᠭᠡᠭᠡᠵᠤ᠂ ᠴᠢᠨᠠᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠲᠤ ᠢᠯᠡᠯᠲᠠ ᠶᠢ ᠲᠠᠮᠡᠴᠡᠨ ᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ᠂ ᠠᠷᠠᠳ ᠲᠦᠮᠡᠨ ᠎ ᠤ ᠠᠮᠤᠷ ᠵᠢᠷᠭᠠᠯ ᠲᠠᠢ ᠠᠮᠢᠳᠤᠷᠠᠬᠤ ᠳᠤ ᠡᠶ᠎ᠡ ᠨᠠᠶᠢᠷᠠᠮᠳᠠᠭᠤ ᠠᠮᠤᠷ ᠲᠤᠬᠳᠠᠭᠤᠨ ᠨᠡᠶᠢᠭᠡᠮ ᠤᠨ ᠤᠷᠴᠢᠨ ᠢ ᠪᠤᠢ ᠪᠤᠯᠭᠠᠨ ᠦᠭᠭᠦ ᠭᠡᠷᠡᠭᠲᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号