| 5 ᠳ᠋ᠤᠭᠠᠷ ᠰᠠᠷ᠎ᠠ ᠶᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠰᠠᠯᠪᠤᠷᠢ ᠰᠢᠶᠠᠩ ᠤᠨ ᠯᠤᠤ ᠨᠢᠦ ᠼᠤᠤ ᠭᠸᠤ ᠲᠤᠰᠬᠤᠨ ᠳᠤ | ᠭᠦᠨᠵᠡᠭᠡᠶᠢᠷᠡᠵᠤ᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ ᠨᠢᠮᠪᠠᠢ ᠪᠠᠶᠢᠴᠠᠭᠠᠨ ᠤᠩᠰᠢᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠤᠶᠢᠯᠠᠭᠠᠪᠠ᠃ | 5 ᠳ᠋ᠤᠭᠠᠷ ᠰᠠᠷ᠎ᠠ ᠶᠢᠨ 27 ᠤ ᠡᠳᠦᠷ ᠠᠴᠠ 30 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ | ᠵᠤᠬᠢᠶᠠᠨ ᠪᠠᠶᠢᠭᠤᠯᠬᠤ ᠬᠡᠯᠳᠡᠰ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠳᠠᠭᠤ ᠶᠢ ᠲᠡᠳᠭᠦᠵᠤ ᠨᠡᠬᠡᠬᠡᠨ | ᠬᠦᠭᠵᠢᠬᠦᠯᠬᠦ ᠠᠯᠪᠠᠨ ᠬᠡᠷ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠢ ᠲᠠᠭᠠᠭᠤᠯᠤᠨ ᠤᠯᠠᠭᠠᠨᠬᠠᠳᠠ | ᠬᠤᠳᠠ ᠶᠢᠨ ᠬᠡᠰᠢᠭᠳᠡᠨ ᠬᠤᠰᠢᠭᠤ᠂ ᠠᠷᠤ ᠬᠤᠷᠴᠢᠨ ᠬᠤᠰᠢᠭᠤ᠂ ᠤᠩᠨᠢᠭᠤᠳ ᠬᠤᠰᠢᠭᠤ ᠪᠤᠯᠤᠨ ᠠᠤᠬᠠᠨ | ᠬᠤᠰᠢᠭᠤ ᠪᠠᠷ ᠭᠦᠨᠵᠡᠭᠡᠶᠢᠷᠡᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠠᠬᠢᠭᠤᠯᠵᠤ ᠪᠠᠶᠢᠭ᠎ᠠ | ᠪᠠᠶᠢᠳᠠᠯ ᠢ ᠱᠠᠯᠠᠪᠳᠠᠭᠤᠯᠤᠨ ᠵᠢᠯᠤᠭᠤᠳᠬᠤ ᠶᠢᠨ ᠬᠠᠮᠳᠤ ᠰᠤᠭᠤᠴᠢᠨ ᠪᠠᠶᠢᠴᠠᠭᠠᠵᠤ᠂ ᠪᠤᠴᠠᠯᠲᠠ ᠦᠬᠡᠢ ᠪᠠᠷ ᠲᠠᠮᠡᠴᠡᠬᠦ | ᠲᠤᠬᠢᠶ᠎ᠠ ᠶᠢ ᠦᠷᠭᠦᠯᠵᠢᠯᠡᠨ ᠦᠭᠴᠤ᠂ ᠲᠦᠪᠯᠡᠷᠡᠭᠦᠯᠦᠨ ᠰᠢᠪᠳᠤᠯᠬᠤ ᠲᠠᠷᠤᠯᠳᠠ ᠶᠢ ᠲᠠᠮᠵᠢᠭᠤᠯᠪᠠ᠃ | ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠭᠤᠤᠯ ᠬᠦᠴᠦᠨ ᠪᠤᠯᠤᠨ᠎ᠠ᠂ ᠲᠡᠳᠡᠨ ᠤ ᠠᠵᠢᠯ ᠤᠨ ᠤᠪᠤᠷ᠂ ᠠᠵᠢᠯ ᠤᠨ ᠡᠷᠴᠢᠮ᠂ ᠨᠠᠷᠢᠯᠢᠭ ᠤᠨ ᠬᠡᠮᠵᠢᠶ᠎ᠠ ᠬᠢᠷᠢ | ᠵᠡᠷᠭᠡ ᠪᠠᠶᠢᠬᠤ ᠶᠢ ᠯᠢ ᠵᠢᠢ ᠾᠧᠩ ᠲᠦᠢᠯ ᠢᠶᠠᠷ ᠴᠢᠬᠤᠯᠠᠴᠢᠯᠠᠵᠠᠢ᠃ ᠲᠡᠷᠡ ᠤᠷᠢᠳᠴᠢᠯᠠᠨ ᠦᠯᠦ ᠮᠡᠳᠡᠭᠳᠡᠬᠦ᠂ | ᠰᠤᠭᠤᠴᠢᠨ ᠨᠡᠷ᠎ᠠ ᠲᠤᠷᠠᠳᠬᠤ᠂ ᠰᠢᠭᠤᠳ ᠲᠤᠬᠠᠢ ᠶᠢᠨ ᠭᠠᠵᠠᠷ ᠲᠤ ᠬᠦᠷᠭᠦ ᠬᠡᠯᠪᠡᠷᠢ ᠪᠠᠷ ᠰᠢᠨ ᠳ᠋ᠢ ᠲᠤᠰᠬᠤᠨ᠂ | ᠪᠠ ᠹᠠᠩ ᠲᠤᠰᠬᠤᠨ᠂ ᠮᠠ ᠵᠢᠶᠠ ᠽᠢ ᠲᠤᠰᠬᠤᠨ᠂ ᠯᠤᠤ ᠨᠢᠦ ᠼᠤᠤ ᠭᠸᠤ ᠲᠤᠰᠬᠤᠨ ᠤ ᠲᠤᠰᠬᠤᠨ ᠳᠤ ᠰᠠᠭᠤᠭ᠎ᠠ | ᠠᠵᠢᠯᠯᠠᠬᠤ ᠠᠩᠬᠢ ᠶᠢ ᠰᠤᠭᠤᠴᠢᠨ ᠪᠠᠶᠢᠴᠠᠭᠠᠪᠠ᠃ ᠯᠢ ᠵᠢᠢ ᠾᠧᠩ ᠠᠵᠢᠯᠯᠠᠬᠤ ᠠᠩᠬᠢ ᠶᠢᠨ ᠬᠤᠭᠤᠯᠠᠨ ᠬᠡᠷ᠂ | ᠰᠠᠭᠤᠬᠤ ᠪᠠᠶᠢᠷᠢ᠂ ᠠᠯᠪᠠᠨ ᠬᠡᠷ ᠢᠶᠠᠷ ᠨᠢ ᠤᠷᠤᠵᠤ᠂ ᠲᠤᠭᠤᠭᠠᠨ ᠭᠡᠷ᠂ ᠤᠰᠤᠨ ᠭᠠᠩ᠂ ᠪᠤᠳᠠᠭᠠᠨ | ᠤᠭᠤᠳᠠ ᠶᠢ ᠨᠢ ᠨᠡᠭᠡᠭᠡᠨ ᠦᠵᠡᠵᠤ᠂ ᠤᠷᠤ ᠲᠡᠪᠢᠰᠭᠡᠷ᠂ ᠨᠢᠭᠤᠷ ᠤᠬᠢᠶᠠᠬᠤ ᠰᠠᠪᠠ᠂ ᠰᠢᠳᠦ ᠤᠬᠢᠶᠠᠬᠤ | ᠬᠡᠷᠡᠭᠰᠡᠯ ᠢ ᠨᠢ ᠪᠠᠶᠢᠴᠠᠭᠠᠨ ᠦᠵᠡᠵᠤ᠂ ᠠᠮᠢᠳᠤᠷᠠᠯ ᠤᠨ ᠨᠠᠷᠢᠨ ᠵᠦᠢᠯᠡᠰ ᠠᠴᠠ ᠬᠡᠰᠢᠭᠦᠳ ᠤᠨ ᠦᠨᠡᠨᠭᠦ | ᠲᠤᠰᠬᠤᠨ ᠳᠤ ᠰᠠᠭᠤᠵᠤ ᠪᠠᠶᠢᠬᠤ ᠡᠰᠡᠭᠦ ᠶᠢ ᠨᠢ ᠨᠠᠷᠢᠨ ᠪᠠᠶᠢᠴᠠᠭᠠᠵᠠᠢ᠃ ᠲᠡᠷᠡ ᠴᠠᠭ ᠢᠮᠠᠬᠳᠠ ᠶᠠᠳᠠᠭᠤ ᠶᠢ | ᠲᠡᠳᠭᠦᠭᠦ ᠲᠠᠩᠰᠠ ᠡᠪᠬᠡᠮᠡᠯ ᠢ ᠤᠷᠪᠠᠭᠤᠯᠤᠨ ᠦᠵᠡᠵᠤ᠂ ᠲᠤᠬᠠᠢ ᠶᠢᠨ ᠭᠠᠵᠠᠷ ᠲᠤ ᠶᠠᠳᠠᠭᠤ ᠶᠢ ᠲᠡᠳᠭᠦᠵᠤ ᠪᠠᠶᠢᠭ᠎ᠠ | ᠨᠠᠷᠢᠯᠢᠭ ᠪᠠᠶᠢᠳᠠᠯ ᠢ ᠯᠠᠪᠯᠠᠨ ᠠᠰᠠᠭᠤᠵᠤ᠂ ᠬᠡᠰᠢᠭᠦᠳ ᠤᠨ ᠠᠵᠢᠯ ᠢᠶᠠᠨ ᠲᠤᠪ ᠲᠤᠳᠤᠷᠬᠠᠢ ᠮᠡᠳᠡᠭᠦ ᠡᠰᠡᠭᠦ ᠶᠢ ᠨᠢ | ᠰᠢᠨᠵᠢᠯᠡᠨ ᠪᠠᠶᠢᠴᠠᠭᠠᠪᠠ᠃ ᠲᠡᠷᠡ ᠶᠠᠳᠠᠭᠤ ᠬᠦᠴᠢᠷᠳᠡᠯᠳᠡᠢ ᠡᠷᠦᠭᠡ ᠪᠠᠷ ᠬᠦᠷᠴᠤ᠂ ᠲᠤᠰᠬᠤᠨ ᠳᠤ ᠰᠠᠭᠤᠭ᠎ᠠ | ᠠᠵᠢᠯ ᠤᠨ ᠪᠠᠶᠢᠳᠠᠯ ᠤᠨ ᠦᠨᠡᠨ ᠬᠤᠳᠠᠯ ᠢ ᠨᠢᠭᠤᠷᠳᠠᠨ ᠬᠡᠷᠡᠴᠢᠯᠡᠵᠤ᠂ ᠶᠠᠳᠠᠭᠤ ᠶᠢ ᠲᠡᠳᠭᠦᠭᠦ ᠠᠷᠭ᠎ᠠ ᠬᠡᠮᠵᠢᠶ᠎ᠠ | ᠪᠤᠯᠤᠨ ᠦᠷ᠎ᠠ ᠪᠦᠳᠦᠮᠵᠢ ᠶᠢ ᠬᠦᠨᠵᠡᠭᠡᠢ ᠤᠶᠢᠯᠠᠭᠠᠵᠠᠢ᠃ ᠰᠤᠭᠤᠴᠢᠨ ᠪᠠᠶᠢᠴᠠᠭᠠᠬᠤ ᠲᠤᠮᠳᠠ᠂ ᠯᠢ ᠵᠢᠢ ᠾᠧᠩ | ᠲᠤᠰᠬᠤᠨ ᠳᠤ ᠲᠤᠬᠳᠠᠪᠤᠷᠢᠳᠠᠢ ᠰᠠᠭᠤᠵᠤ᠂ ᠶᠠᠳᠠᠭᠤ ᠶᠢ ᠯᠠᠪᠳᠠᠭᠤᠨ ᠪᠠᠳᠤᠳᠠᠢ ᠲᠡᠳᠭᠦᠵᠤ ᠪᠠᠶᠢᠭ᠎ᠠ ᠺᠠᠳ᠋ᠷᠴᠤᠳ ᠢ | ᠮᠠᠭᠳᠠᠨ ᠰᠠᠶᠢᠰᠢᠶᠠᠵᠤ᠂ ᠲᠤᠰᠬᠤᠨ ᠳᠤ ᠰᠠᠭᠤᠬᠰᠠᠨ ᠦᠭᠡᠢ᠂ ᠬᠤᠳᠠᠯ ᠢᠶᠠᠷ ᠲᠤᠰᠬᠤᠨ ᠳᠤ ᠰᠠᠭᠤᠵᠤ ᠪᠠᠶᠢᠭ᠎ᠠ | ᠦᠵᠡᠭᠳᠡᠯ ᠢ ᠴᠢᠩᠭ᠎ᠠ ᠰᠢᠭᠦᠮᠵᠢᠯᠡᠨ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠲᠡᠷᠡ | ᠴᠢᠬᠤᠯᠠᠴᠢᠯᠠᠭᠰᠠᠨ ᠨᠢ᠂ ᠲᠤᠰᠬᠤᠨ ᠳᠤ ᠰᠠᠭᠤᠭ᠎ᠠ ᠺᠠᠳ᠋ᠷ ᠵᠠᠪᠠᠯ ᠲᠤᠰᠬᠤᠨ ᠳᠤ ᠰᠠᠭᠤᠵᠤ᠂ ᠲᠤᠰᠬᠤᠨ ᠳᠤ | ᠰᠠᠭᠤᠬᠤ ᠺᠠᠳ᠋ᠷ ᠢ ᠰᠠᠶᠢᠲᠤᠷ ᠰᠤᠩᠭᠤᠬᠤ ᠬᠡᠷᠡᠭᠲᠠᠢ᠂ ᠶᠠᠭᠠᠬᠢᠭᠰᠠᠨ ᠴᠦ ᠲᠤᠳᠠᠭᠤᠳᠠᠭᠤᠯᠵᠤ ᠪᠤᠯᠬᠤ ᠦᠭᠡᠢ᠂ | ᠲᠤᠰᠬᠤᠨ ᠳᠤ ᠰᠠᠭᠤᠬᠤ ᠴᠠᠭ ᠢ ᠪᠠᠳᠤᠯᠠᠨ ᠶᠠᠳᠠᠭᠤ ᠶᠢ ᠲᠡᠳᠭᠦᠭᠦ ᠦᠷ᠎ᠠ ᠪᠦᠳᠦᠮᠵᠢ ᠶᠢ ᠪᠠᠳᠤᠯᠠᠵᠤ᠂ ᠶᠠᠳᠠᠭᠤ ᠶᠢ | ᠲᠡᠳᠭᠦᠭᠦ ᠶᠢ ᠦᠨᠡᠨᠭᠦ ᠬᠡᠷ ᠤᠨ ᠶᠠᠪᠤᠳᠠᠯ ᠢᠶᠠᠨ ᠪᠤᠯᠭᠠᠨ ᠨᠠᠷᠢᠨ ᠨᠢᠮᠪᠠᠢ ᠬᠦᠨᠵᠡᠭᠡᠢ ᠪᠤᠳᠠᠳᠠᠢ ᠬᠢᠬᠦ ᠬᠡᠷᠡᠭᠲᠠᠢ᠂ ᠲᠤᠷ᠎ᠠ | ᠰᠢᠷ᠎ᠠ ᠲᠠᠢ ᠪᠠᠶᠢᠬᠤ᠂ ᠠᠯᠪᠠ ᠬᠠᠰᠢᠵᠤ ᠡᠳᠦᠷ ᠦᠩᠭᠡᠷᠡᠭᠦᠯᠭᠦ᠂ ᠠᠵᠢᠯ ᠢᠶᠠᠨ ᠦᠯᠦ ᠬᠢᠬᠦ ᠶᠢ ᠶᠠᠭᠠᠬᠢᠭᠰᠠᠨ ᠴᠦ | ᠵᠦᠪᠰᠢᠶᠡᠷᠡᠵᠤ ᠪᠤᠯᠬᠤ ᠦᠬᠡᠢ ᠬᠡᠪᠡ᠃ | ᠠᠵᠤ ᠦᠢᠯᠡᠰ ᠢ ᠪᠤᠶᠢᠵᠢᠭᠤᠯᠤᠨ ᠬᠦᠭᠵᠢᠭᠦᠯᠭᠦ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠦᠨᠳᠦᠰᠦᠨ ᠭᠠᠷᠬᠤ ᠵᠠᠮ ᠪᠤᠯᠤᠨ᠎ᠠ᠃ ᠯᠢ ᠵᠢᠢ ᠾᠧᠩ ᠶᠠᠳᠠᠭᠤ ᠶᠢ ᠲᠡᠳᠭᠦᠭᠦ ᠬᠡᠳᠦᠨ ᠮᠠᠯ ᠠᠵᠤ ᠠᠬᠤᠢ | ᠲᠠᠷᠢᠶᠠᠯᠠᠩ ᠤᠨ ᠲᠤᠰᠬᠠᠢ ᠬᠤᠷᠰᠢᠶ᠎ᠠ᠂ ᠲᠠᠭᠠᠭᠤᠯᠤᠬᠴᠢ ᠠᠵᠤ ᠠᠬᠤᠶᠢᠯᠠᠯ᠂ ᠠᠵᠤ ᠦᠢᠯᠡᠰ ᠤᠨ ᠬᠦᠷᠢᠶᠡᠯᠡᠩ ᠵᠢᠴᠢ | ᠰᠠᠭᠤᠷᠢᠨ ᠢ ᠪᠠᠴᠢᠮ ᠶᠠᠭᠠᠷᠠᠯᠳᠠᠢ ᠪᠠᠷ ᠰᠢᠨᠵᠢᠯᠡᠨ ᠪᠠᠶᠢᠴᠠᠭᠠᠪᠠ᠃ ᠲᠡᠷᠡ ᠬᠠᠷᠢᠭᠤ ᠮᠡᠳᠡᠭᠦᠯᠦᠯᠳᠡ ᠶᠢ ᠰᠤᠨᠤᠰᠬᠤ᠂ | ᠦᠢᠯᠡᠳᠪᠦᠷᠢ ᠶᠢᠨ ᠲᠠᠰᠤᠭ ᠢᠶᠠᠷ ᠤᠷᠤᠬᠤ᠂ ᠲᠦᠷᠦᠯ ᠵᠦᠢᠯ ᠢ ᠦᠵᠡᠭᠦ ᠪᠠᠷ ᠲᠠᠮᠵᠢᠨ ᠠᠵᠤ ᠦᠢᠯᠡᠰ ᠤᠨ | ᠬᠦᠭᠵᠢᠯᠳᠡ ᠶᠢᠨ ᠢᠷᠡᠭᠡᠳᠦᠢ ᠪᠤᠯᠤᠨ ᠲᠠᠷᠢᠶᠠᠯᠠᠬᠤ ᠡᠷᠦᠬᠡ ᠬᠢᠬᠡᠳ ᠠᠵᠤ ᠠᠬᠤᠶᠢᠯᠠᠯ ᠤᠨ ᠠᠰᠢᠭ ᠲᠤᠰᠠ ᠶᠢᠨ | ᠬᠤᠯᠪᠤᠭᠠᠨ ᠤ ᠲᠤᠬᠳᠠᠴᠠ ᠶᠢ ᠬᠦᠨᠵᠡᠭᠡᠢ ᠤᠶᠢᠯᠠᠭᠠᠵᠤ᠂ ᠲᠤᠰᠬᠠᠢ ᠬᠤᠷᠰᠢᠶ᠎ᠠ᠂ ᠲᠠᠭᠠᠭᠤᠯᠤᠬᠴᠢ ᠠᠵᠤ | ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠤᠷᠤᠨ ᠨᠤᠳᠤᠭ ᠤᠨ ᠪᠤᠳᠠᠳᠤ | ᠪᠠᠶᠢᠳᠠᠯ ᠢᠶᠠᠨ ᠦᠨᠳᠤᠰᠤᠯᠡᠨ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠰᠠᠶᠢᠲᠤᠷ ᠬᠢᠵᠦ᠂ ᠶᠠᠳᠠᠭᠤ | ᠬᠦᠴᠢᠷᠳᠡᠯᠳᠡᠢ ᠤᠯᠠᠨ ᠲᠦᠮᠡᠨ ᠢ ᠤᠨᠤᠪᠴᠢᠳᠠᠢ ᠪᠦᠭᠡᠳ ᠪᠦᠳᠦᠮᠵᠢᠳᠡᠢ ᠪᠠᠷ ᠠᠵᠤ ᠦᠢᠯᠡᠰ ᠤᠨ ᠬᠡᠯᠬᠢᠶ᠎ᠡ ᠳᠤ | ᠤᠷᠤᠭᠤᠯᠵᠤ᠂ ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠰᠠᠭᠤᠷᠢ ᠶᠢ ᠪᠠᠳᠤ ᠪᠠᠬᠢ ᠴᠤᠬᠴᠠᠯᠠᠬᠤ | ᠬᠡᠷᠡᠭᠳᠡᠢ ᠬᠡᠵᠤ ᠴᠢᠬᠤᠯᠠᠴᠢᠯᠠᠵᠠᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠠᠭᠠᠨ᠂ ᠯᠢ ᠵᠢᠢ ᠾᠧᠩ ᠤᠷᠤᠢ ᠶᠢᠨ ᠴᠠᠭ ᠢᠶᠠᠨ ᠠᠰᠢᠬᠯᠠᠨ | ᠠᠷᠤ ᠬᠤᠷᠴᠢᠨ ᠬᠤᠰᠢᠭᠤ ᠪᠠ ᠤᠩᠨᠢᠭᠤᠳ ᠬᠤᠰᠢᠭᠤᠨ ᠳᠤ ᠲᠤᠰ ᠲᠤᠰ ᠶᠠᠷᠢᠯᠴᠠᠬᠤ ᠬᠤᠷᠠᠯ ᠡᠷᠬᠢᠯᠡᠨ ᠬᠢᠵᠦ᠂ | ᠬᠤᠳᠠ ᠬᠤᠰᠢᠭᠤ ᠬᠤᠶᠠᠷ ᠱᠠᠳᠤᠨ ᠤ ᠺᠠᠳ᠋ᠷᠴᠤᠳ ᠲᠠᠢ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠭᠦ ᠪᠠ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠲᠤᠬᠠᠢ ᠰᠡᠳᠬᠢᠴᠡ ᠠᠷᠭ᠎ᠠ | ᠬᠡᠮᠵᠢᠶ᠎ᠡ ᠪᠠᠨ ᠬᠦᠨᠵᠡᠭᠡᠢ ᠰᠤᠯᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠤᠯᠤᠰ ᠲᠦᠷᠦ ᠶᠢ ᠡᠷᠬᠢᠮᠯᠡᠭᠦ᠂ ᠶᠡᠭᠡ | ᠲᠠᠯ᠎ᠠ ᠶᠢ ᠡᠷᠬᠢᠮᠯᠡᠭᠦ ᠦᠨᠳᠦᠷᠴᠡ ᠠᠴᠠ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠵᠡᠮᠰᠢᠵᠤ᠂ | ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠨ ᠡᠭᠦᠷᠭᠡ ᠪᠠᠨ ᠦᠨᠡᠨᠭᠦ ᠨᠠᠶᠢᠳᠠᠪᠤᠷᠢᠵᠢᠭᠤᠯᠵᠤ᠂ ᠲᠤᠬᠳᠠᠬᠰᠠᠨ ᠴᠠᠭ ᠲᠠᠭᠠᠨ | ᠡᠯ᠎ᠠ ᠵᠦᠢᠯ ᠤᠨ ᠰᠢᠪᠲᠤᠯᠤᠯᠲᠠ ᠶᠢᠨ ᠡᠭᠦᠷᠭᠡ ᠪᠠᠨ ᠪᠡᠶᠡᠯᠡᠭᠦᠯᠭᠦ ᠬᠡᠷᠡᠭᠳᠡᠢ᠃ ᠤᠨᠤᠪᠴᠢᠳᠠᠢ ᠪᠠᠷ ᠢᠯᠭᠠᠨ | ᠲᠤᠳᠤᠯᠠᠬᠤ᠂ ᠤᠨᠤᠪᠴᠢᠲᠠᠢ ᠠᠷᠭ᠎ᠠ ᠬᠡᠮᠵᠢᠶ᠎ᠡ ᠠᠪᠬᠤ᠂ ᠤᠨᠤᠪᠴᠢᠳᠠᠢ ᠪᠠᠷ ᠤᠬᠤᠷᠢᠨ ᠭᠠᠷᠬᠤ ᠲᠡᠭᠡᠷ᠎ᠠ | ᠦᠷᠭᠦᠯᠵᠢᠯᠡᠨ ᠬᠦᠴᠦ ᠤᠷᠤᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠯᠠᠪᠳᠠᠭᠤᠨ ᠪᠠᠳᠤᠳᠠᠢ ᠪᠠᠷ ᠤᠷᠤᠭᠰᠢ ᠠᠬᠢᠭᠤᠯᠬᠤ ᠬᠡᠷᠡᠭᠳᠡᠢ᠃ ᠭᠤᠤᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠨ᠂ ᠤᠷᠴᠢᠨ ᠲᠤᠭᠤᠷᠢᠨ ᠤ ᠳᠤᠪᠤᠶᠢᠮ᠎ᠠ | ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠤ᠂ ᠠᠷᠠᠳ ᠤᠯᠠᠨ ᠤ ᠡᠳᠦᠷ ᠢᠷᠡᠭᠦᠶ᠎ᠠ ᠨᠡᠮᠡᠭᠳᠡᠵᠤ ᠪᠠᠶᠢᠭ᠎ᠠ | ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠳᠡᠢ᠃ | ᠤᠯᠠᠨ ᠠᠷᠭ᠎ᠠ ᠵᠠᠮ ᠢᠶᠠᠷ ᠪᠡᠯᠡ ᠬᠤᠷᠠᠮᠳᠤᠭᠤᠯᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ | ᠠᠵᠢᠯ ᠢ ᠡᠷᠴᠢᠮ ᠲᠠᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠳᠡᠢ᠃ ᠲᠦᠷᠦᠯ ᠵᠦᠢᠯ ᠢ ᠶᠡᠭᠡᠪᠡᠷ ᠠᠳᠬᠤᠨ ᠶᠡᠭᠡ | ᠲᠦᠷᠦᠯ ᠵᠦᠢᠯ ᠰᠠᠶᠢᠨ ᠲᠦᠷᠦᠯ ᠵᠦᠢᠯ ᠢ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠦᠷ᠎ᠠ ᠪᠦᠳᠦᠮᠵᠢ ᠪᠠᠷ ᠴᠢᠨᠠᠷ ᠰᠠᠶᠢᠲᠠᠢ ᠬᠦᠭᠵᠢᠯᠳᠡ ᠶᠢᠨ ᠰᠠᠭᠤᠷᠢ ᠶᠢ ᠪᠠᠬᠢᠵᠢᠭᠦᠯᠭᠦ ᠬᠡᠷᠡᠭᠳᠡᠢ ᠬᠡᠪᠡ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠳ᠋ᠤᠸᠠᠨ ᡁᠢ ᠴᠢᠶᠠᠩ ᠪᠠᠶᠢᠴᠠᠭᠠᠨ | ᠰᠤᠳᠤᠯᠤᠯᠳᠠ ᠳᠤ ᠤᠷᠤᠯᠴᠠᠵᠠᠢ᠃ |