ᠰᠢᠯᠢ ᠶᠢᠨ ᠭᠤᠣᠯ ᠠᠶᠢᠮᠠᠭ ᠶᠠᠳᠠᠭᠤ ᠶᠢ ᠲᠡᠳᠬᠦᠬᠦ ᠬᠦᠷᠢᠶᠡᠨ ᠳᠠᠬᠢ ᠰᠤᠷᠲᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018/5/4
     ᠦᠢᠷ᠎ᠠ ᠳᠤ᠂ ᠰᠢᠯᠢ ᠶᠢᠨ ᠭᠤᠣᠯ ᠠᠶᠢᠮᠠᠭ ᠶᠠᠳᠠᠭᠤ ᠶᠢ ᠲᠡᠳᠬᠦᠬᠦ ᠬᠦᠷᠢᠶᠡᠨ ᠳᠠᠬᠢ ᠰᠤᠷᠲᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠬᠢᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠢᠯᠠᠯᠲᠠ ᠣᠯᠬᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠲᠤ ᠶᠠᠳᠠᠭᠤ ᠶᠢ ᠲᠡᠳᠬᠦᠬᠦ ᠬᠦᠷᠢᠶᠡᠨ ᠳᠠᠬᠢ ᠰᠤᠷᠲᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯᠯᠠᠭ᠎ᠠ ᠦᠷᠨᠢᠭᠦᠯᠬᠦ ᠳᠤ ᠪᠠᠶᠢᠷᠢᠯᠠᠭᠤᠯᠤᠯᠲᠠ ᠬᠢᠵᠡᠶ᠃ ᠲᠤᠰᠬᠠᠶ ᠵᠠᠰᠠᠬᠤ ᠠᠵᠢᠯᠯᠠᠭ᠎ᠠ ᠨᠢ ᠶᠠᠳᠠᠭᠤ ᠶᠢ ᠲᠡᠳᠬᠦᠬᠦ ᠬᠦᠷᠢᠶᠡᠨ ᠳᠤ ᠣᠷᠣᠰᠢᠵᠤ ᠪᠠᠶᠢᠭ᠎ᠠ ︽ᠲᠦᠷᠪᠡᠨ ᠤᠬᠠᠮᠰᠠᠷ︾ ᠴᠢᠩᠭ᠎ᠠ ᠪᠤᠰᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠭᠡᠢ᠂ ᠠᠵᠢᠯ ᠤᠨ ᠠᠷᠭ᠎ᠠ ᠬᠢᠳᠡᠯ ᠨᠢ ᠣᠨᠣᠪᠴᠢ ᠦᠭᠡᠢ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠨᠢ ᠳᠦᠷᠢᠮᠵᠢᠯ ᠦᠭᠡᠢ᠂ ᠠᠵᠢᠯ ᠤᠨ ᠰᠤᠷᠲᠠᠯ ᠨᠢ ᠯᠠᠪᠳᠠᠭᠤᠨ ᠪᠤᠰᠤ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠱᠠᠭᠠᠷᠳᠠᠯᠭ᠎ᠠ ᠲᠤᠲᠠᠮᠠᠭ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃      ᠬᠤᠷᠠᠯ ᠠᠴᠠ ᠱᠠᠭᠠᠷᠳᠠᠭᠰᠠᠨ ᠨᠢ᠂ ᠴᠢᠬᠤᠯᠠ ᠠᠵᠢᠯ ᠤᠨ ᠵᠠᠩᠭᠢᠯᠭ᠎ᠠ ᠳᠠᠬᠢ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠰ ᠭᠠᠵᠠᠷ ᠣᠷᠣᠨ ᠳᠤ ᠣᠷᠣᠰᠢᠵᠤ ᠪᠠᠶᠢᠭ᠎ᠠ ᠨᠡᠶᠢᠳᠡᠮ ᠤᠨ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠲᠤᠰᠬᠠᠶ ᠵᠠᠰᠠᠬᠤ ᠠᠵᠢᠯ ᠢ ᠭᠦᠨᠵᠡᠭᠡᠶᠢᠷᠡᠭᠦᠯᠬᠦ ᠬᠦᠴᠦᠯᠡᠬᠦ ᠴᠢᠭ᠋ ᠢ ᠣᠨᠣᠪᠴᠢᠲᠠᠶ ᠣᠯᠵᠤ᠂ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠵᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠰᠤᠷᠲᠠᠯ ᠤᠨ ᠠᠰᠠᠭᠤᠳᠠᠯ ᠢ ᠲᠤᠰᠬᠠᠶ ᠵᠠᠰᠠᠬᠤ ᠶᠠᠪᠤᠳᠠᠯ ᠢ ᠨᠠᠷᠢᠨ ᠨᠢᠭᠲᠠ᠂  ᠭᠦᠨ ᠭᠦᠨᠵᠡᠭᠡᠶ ᠠᠳᠬᠤᠨ᠂ ᠪᠤᠲᠠᠲᠠᠢ ᠵᠠᠰᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号