5 ᠳ᠋ᠤᠭᠠᠷ ᠰᠠᠷ᠎ᠠ ᠶᠢᠨ 2 ᠤᠨ ᠡᠳᠤᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠪᠤᠬᠢᠷᠳᠣᠯ ᠢ ᠰᠡᠷᠬᠡᠶᠢᠯᠡᠨ | ᠵᠠᠰᠠᠬᠤ ᠰᠢᠪᠲᠤᠯᠤᠯᠲᠠ ᠶᠢᠨ ᠲᠠᠶᠢᠨ ᠢ ᠡᠷᠡᠰ ᠰᠠᠶᠢᠳᠤᠷ ᠬᠢᠬᠦ ᠲᠤᠬᠠᠢ ᠨᠠᠮ ᠤᠨ ᠠᠷᠪᠠ ᠶᠢᠰᠤᠳᠤᠭᠡᠷ ᠤᠳᠠᠭᠠᠨ ᠤ | ᠶᠡᠭᠡ ᠬᠤᠷᠠᠯ ᠤᠨ ᠰᠢᠢᠳᠪᠦᠷᠢᠯᠡᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ | ᠶᠢᠨ ᠲᠤᠰᠠᠲᠠ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ | ᠬᠠᠷᠢᠭᠤ ᠲᠤᠰᠬᠠᠭᠰᠠᠨ ᠰᠠᠨᠠᠯ ᠤᠨ ᠬᠠᠮᠢᠭ᠎ᠠ ᠪᠦᠬᠦᠢ ᠰᠠᠭᠠᠷᠳᠠᠯᠭ᠎ᠠ ᠲᠠᠢ ᠤᠶᠠᠯᠳᠤᠭᠤᠯᠤᠨ᠂ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨᠵᠠᠰᠠᠭ ᠤᠨ ᠤᠷᠳᠤᠨ ᠠᠴᠠ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠤ ᠪᠠᠶᠢᠷᠢᠯᠠᠭᠤᠯᠤᠯᠲᠠ ᠪᠠᠷ ᠪᠦᠬᠦ ᠤᠷᠤᠨ ᠤ | ᠬᠡᠪᠴᠢᠶᠡᠨ ᠳᠠᠬᠢ ᠭᠠᠵᠠᠷ ᠤᠨ ᠭᠠᠳᠠᠷᠭᠤ ᠶᠢᠨ ᠤᠰᠤᠨ ᠠᠴᠠ ᠲᠦᠪᠯᠡᠷᠡᠭᠦᠯᠵᠦ ᠤᠤᠭᠤᠬᠤ ᠤᠰᠤᠨ | ᠰᠤᠷᠪᠤᠯᠵᠢ ᠭᠠᠵᠠᠷ ᠲᠤ ᠤᠷᠴᠢᠨ ᠲᠤᠭᠤᠷᠢᠨ ᠢ ᠬᠠᠮᠠᠭᠠᠯᠠᠬᠤ ᠲᠤᠰᠬᠠᠢ ᠠᠵᠢᠯᠯᠠᠭ᠎ᠠ ᠦᠷᠨᠢᠭᠦᠯᠬᠦ ᠪᠠᠷ | ᠲᠤᠭᠲᠠᠭᠠᠪᠠ᠃ | ᠲᠤᠰᠬᠠᠢ ᠠᠵᠢᠯᠯᠠᠭᠠᠨ ᠨᠢ ᠬᠤᠶᠠᠷ ᠵᠢᠯ ᠤᠨ ᠬᠤᠭᠤᠴᠠᠭ᠎ᠠ ᠪᠠᠷ ᠳᠠᠮᠵᠢᠨ᠂ ᠬᠤᠰᠢᠭᠤ ᠰᠢᠶᠠᠨ ᠤ ᠱᠠᠲᠤ | ᠵᠢᠴᠢ ᠲᠡᠭᠦᠨ ᠠᠴᠠ ᠲᠡᠭᠡᠭᠰᠢᠬᠢ ᠬᠤᠲᠠ ᠶᠢᠨ ᠭᠠᠵᠠᠷ ᠤᠨ ᠭᠠᠳᠠᠷᠭᠤ ᠶᠢᠨ ᠤᠰᠤᠨ ᠠᠴᠠ ᠲᠦᠪᠯᠡᠷᠡᠭᠦᠯᠵᠦ | ᠤᠤᠭᠤᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠤᠤᠭᠤᠬᠤ ᠤᠰᠤᠨ ᠰᠤᠷᠪᠤᠯᠵᠢ ᠢ | ᠬᠠᠮᠠᠭᠠᠯᠠᠬᠤ ᠬᠡᠪᠴᠢᠶ᠎ᠠ ᠶᠢ ᠲᠣᠭᠲᠠᠭᠠᠬᠤ᠂ ᠬᠠᠮᠠᠭᠠᠯᠠᠯᠲᠠ ᠶᠢᠨ ᠤᠷᠤᠨ ᠤ ᠵᠠᠭᠠᠭ ᠬᠢᠵᠠᠭᠠᠷ ᠤᠨ ᠲᠡᠮᠳᠡᠭ | ᠲᠤᠬᠢᠷᠠᠭᠤᠯᠭᠤ ᠪᠠ ᠬᠠᠮᠠᠭᠠᠯᠠᠯᠲᠠ ᠶᠢᠨ ᠤᠷᠤᠨ ᠳᠠᠬᠢ ᠬᠠᠤᠯᠢ ᠠᠴᠠ ᠵᠦᠷᠢᠴᠡᠭᠰᠡᠨ ᠠᠰᠠᠭᠤᠳᠠᠯ ᠢ ᠴᠡᠭᠴᠡᠯᠡᠨ | ᠵᠠᠰᠠᠬᠤ ᠭᠤᠷᠪᠠᠨ ᠴᠢᠬᠤᠯᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠂ ︽ᠬᠠᠮᠠᠭᠠᠯᠠᠬᠤ ︾ ᠬᠠᠷᠠᠯᠲᠠ ᠶᠢ | ᠪᠡᠶᠡᠯᠡᠭᠦᠯᠬᠦ ᠪᠠᠷ ᠲᠥᠯᠥᠪᠯᠡᠪᠡ᠃ ᠤᠳᠤᠬᠠᠨ ᠳᠤ᠂ ᠡᠯ᠎ᠡ ᠠᠶᠢᠮᠠᠭ ᠬᠤᠲᠠ ᠶᠢᠨ ᠵᠢᠭᠰᠠᠭᠠᠨ ᠪᠠᠶᠢᠴᠠᠭᠠᠭᠰᠠᠨ ᠢᠶᠠᠷ | ᠪᠣᠯ᠂ ᠪᠦᠬᠦ ᠤᠷᠤᠨ ᠤ 13ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠲᠡᠭᠡᠭᠰᠢᠬᠢ ᠬᠤᠲᠠ ᠶᠢᠨ | ᠭᠠᠵᠠᠷ ᠤᠨ ᠭᠠᠳᠠᠷᠭᠤ ᠶᠢᠨ ᠤᠰᠤᠨ ᠠᠴᠠ ᠲᠦᠪᠯᠡᠷᠡᠭᠦᠯᠵᠤ ᠤᠤᠭᠤᠬᠤ ᠤᠰᠤᠨ ᠰᠤᠷᠪᠤᠯᠵᠢ ᠶᠢᠨ ᠭᠠᠵᠠᠷ ᠲᠠᠬᠢ 7 | ᠭᠠᠵᠠᠷ ᠲᠤ ᠢᠳᠡᠭᠡᠨ ᠤᠮᠳᠠᠭᠠᠨ ᠤ ᠦᠯᠠᠴᠢᠯᠡᠭᠡ᠂ ᠵᠢᠭᠠᠰᠤᠨ ᠲᠡᠵᠢᠭᠡᠪᠤᠷᠢ᠂ ᠪᠦᠳᠦᠭᠡᠨ ᠪᠠᠶᠢᠭᠤᠯᠤᠯᠲᠠ ᠶᠢᠨ | ᠲᠦᠷᠦᠯ ᠵᠤᠶᠢᠯ ᠵᠡᠷᠭᠡ 26 ᠵᠤᠶᠢᠯ ᠤᠨ ᠤᠷᠴᠢᠨ ᠲᠤᠭᠤᠷᠢᠨ ᠤ ᠠᠰᠠᠭᠤᠳᠠᠯ ᠤᠷᠤᠰᠢᠵᠤ ᠪᠠᠶᠢᠨ᠎ᠠ᠃ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠰᠠᠭ ᠤᠨ ᠤᠷᠳᠤᠨ ᠤ ᠪᠤᠷᠲ᠋ᠧᠯ ᠰᠦᠯᠵᠢᠶ᠎ᠠ ᠳᠤ ︽ | ᠤᠤᠭᠤᠬᠤ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠢ ᠬᠠᠮᠠᠭᠠᠯᠠᠬᠤ ᠲᠤᠰᠬᠠᠢ ᠠᠵᠢᠯᠯᠠᠭ᠎ᠠ︾ | ᠬᠡᠮᠡᠬᠦ ᠲᠤᠰᠬᠠᠢ ᠪᠤᠯᠤᠩ ᠨᠡᠭᠡᠭᠡᠵᠦ᠂ ᠠᠰᠠᠭᠤᠳᠠᠯ ᠤᠷᠤᠰᠢᠵᠦ ᠪᠠᠶᠢᠭ᠎ᠠ ᠨᠠᠷᠢᠨ ᠳᠠᠩᠰᠠ ᠪᠤᠯᠤᠨ ᠴᠡᠭᠴᠡᠯᠡᠨ | ᠵᠠᠰᠠᠭᠰᠠᠨ ᠪᠠᠶᠢᠳᠠᠯ ᠢ ᠢᠯᠡ ᠨᠡᠶᠢᠲᠡᠯᠡᠪᠡ᠃ |