5 ᠳ᠋ᠤᠭᠠᠷ ᠰᠠᠷ᠎ᠠ ᠶᠢᠨ 1 ᠤ ᠡᠳᠦᠷ᠂ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ 24 | ᠲᠤ ᠠᠦ᠋ᠲ᠋ᠤ᠋ ᠪᠠᠷ ᠭᠦᠢᠴᠡᠳᠬᠡᠬᠦ ᠮᠠᠰᠢᠨ ᠨᠢ ᠡᠯ᠎ᠡ ᠵᠦᠢᠯ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ | ᠲᠤᠬᠠᠶᠢᠯᠠᠭᠰᠠᠨ ᠠᠵᠢᠯ ᠢ ᠭᠦᠢᠴᠡᠳᠬᠡᠵᠦ ᠪᠤᠯᠬᠤ ᠪᠤᠯᠪᠠ᠃ ᠤᠶᠢᠷ᠎ᠠ ᠶᠢᠨ ᠡᠳᠦᠷ᠂ ᠪᠤᠭᠤᠲᠤ ᠬᠤᠲᠠ ᠶᠢᠨ | ᠵᠠᠰᠠᠭ ᠤᠨ ᠶᠠᠪᠤᠳᠠᠯ ᠤᠨ ᠲᠢᠩᠬᠢᠮ ᠤᠨ ᠵᠡᠭᠦᠨ ᠲᠠᠯ᠎ᠠ ᠶᠢᠨ ᠠᠦ᠋ᠲ᠋ᠤ᠋ ᠦᠶᠯᠡᠴᠢᠯᠡᠬᠦ ᠲᠤᠭᠤᠷᠢᠭ ᠲᠤ ᠨᠢᠭᠡᠨ ᠰᠢᠨ᠎ᠡ | ᠲᠦᠬᠦᠭᠡᠷᠦᠮᠵᠢ ᠶᠢ ᠨᠡᠮᠡᠵᠡᠢ᠂ ᠲᠤᠰ ᠲᠥᠬᠦᠭᠡᠷᠦᠮᠵᠢ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠦᠪ ᠤᠨ ᠪᠠᠶᠢᠭᠤᠯᠤᠭᠰᠠᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠶᠢᠨ ᠭᠡᠷᠡᠴᠢᠯᠡᠯ ᠢ ᠠᠦ᠋ᠲ᠋ᠤ᠋ ᠪᠠᠷ ᠭᠦᠢᠴᠡᠳᠬᠡᠬᠦ ᠮᠠᠰᠢᠨ ᠪᠤᠯᠤᠨ᠎ᠠ᠃ | ᠦᠩᠭᠡᠷᠡᠭᠰᠡᠨ ᠳᠤ ᠬᠤᠲᠠ ᠶᠢᠨ ᠠᠷᠠᠳ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠭᠡᠷᠡᠴᠢ ᠠᠪᠬᠤ ᠳᠤ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ | ᠲᠦᠪ ᠲᠤ ᠤᠴᠢᠵᠤ᠂ ᠨᠣᠮᠧᠷ ᠳᠠᠭᠤᠳᠠᠨ ᠮᠦᠷᠯᠡᠬᠦ ᠪᠥᠭᠡᠳ ᠬᠡᠷᠡᠴᠢ ᠪᠠᠨ ᠭᠠᠷᠭᠠᠵᠤ ᠠᠪᠤᠭᠰᠠᠨ ᠤ ᠲᠠᠷᠠᠭ᠎ᠠ ᠰᠠᠶ᠋ᠢ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠭᠡᠷᠡᠴᠢ ᠪᠤᠶᠤ ᠨᠠᠷᠢᠨ ᠳᠠᠩᠰᠠ ᠶᠢ ᠤᠯᠵᠤ ᠠᠪᠳᠠᠭ ᠪᠠᠶᠢᠵᠠᠢ᠃ | ᠭᠡᠲᠡᠯ᠎ᠡ ᠤᠳᠤ᠂ ᠠᠯᠢᠪᠠ ᠪᠦᠬᠦᠨ ᠳᠥᠭᠦᠮ ᠪᠤᠯᠵᠤ᠂ ᠬᠤᠳᠠ ᠶᠢᠨ ᠠᠷᠠᠳ ᠳᠤᠷ᠎ᠠ ᠶᠢᠨ ᠨᠢᠭᠡᠨ ᠴᠠᠭ ᠲᠤ ᠪᠤᠭᠤᠲᠤ | ᠬᠤᠲᠠ ᠶᠢᠨ ᠵᠠᠰᠠᠭ ᠤᠨ ᠶᠠᠪᠤᠳᠠᠯ ᠤᠨ ᠲᠢᠩᠬᠢᠮ ᠤᠨ ᠠᠦ᠋ᠲ᠋ᠤ᠋ ᠭᠦᠢᠴᠡᠳᠬᠡᠬᠦ ᠲᠤᠭᠤᠷᠢᠭ ᠲᠤ ᠬᠦᠷᠴᠦ᠂ ᠪᠡᠶ᠎ᠡ ᠶᠢᠨ | ᠦᠨᠡᠮᠯᠡᠯ ᠢᠶᠠᠨ ᠠᠦ᠋ᠲ᠋ᠤ᠋ ᠮᠠᠰᠢᠨ ᠤ ᠺᠠᠷᠲ ᠤᠩᠰᠢᠬᠤ ᠮᠠᠰᠢᠨ ᠳᠡᠭᠡᠷ᠎ᠡ ᠲᠠᠯᠪᠢᠭᠰᠠᠭᠠᠷ ᠳᠠᠷᠤᠶ ᠲᠤᠰ ᠬᠥᠮᠦᠨ ᠤ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠤᠯᠵᠤ᠂ ᠳᠠᠷᠤᠮᠠᠯᠯᠠᠬᠤ | ᠦᠶ᠎ᠡ ᠳᠤ ᠮᠠᠰᠢᠨ ᠨᠢ ᠦᠪᠡᠷᠲᠡᠭᠡᠨ ᠲᠠᠮᠠᠭ᠎ᠠ ᠳᠠᠷᠤᠵᠤ᠂ ᠮᠦᠷᠯᠡᠨ ᠬᠦᠯᠢᠶᠡᠬᠦ ᠬᠡᠷᠡᠭ ᠦᠭᠡᠶ ᠪᠤᠯᠵᠠᠢ᠃ ᠡᠭᠦᠨ ᠠᠴᠠ | ᠭᠠᠳᠠᠨ᠎ᠠ᠂ ᠲᠤᠰ ᠲᠥᠬᠦᠭᠡᠷᠦᠮᠵᠢ ᠨᠢ ᠪᠠᠰᠠ ︽ᠵᠣᠭᠤᠰ ᠪᠤᠴᠠᠭᠠᠬᠤ ᠨᠠᠷᠢᠨ ᠳᠠᠩᠰᠠ ᠶᠢ ᠳᠠᠷᠤᠮᠯᠠᠬᠤ︾᠂ ︽ᠬᠤᠪᠢ | ᠬᠥᠮᠦᠨ ᠤ ᠣᠨᠳᠣᠣ ᠭᠠᠵᠠᠷ ᠲᠤ ᠵᠢᠭᠡᠯᠡᠯᠭᠡ ᠲᠤᠰᠢᠶᠠᠵᠤ ᠬᠠᠳᠠᠭᠠᠯᠠᠭᠤᠯᠤᠭᠰᠠᠨ ᠭᠡᠷᠡᠴᠢ ᠳᠠᠷᠤᠮᠠᠯᠯᠠᠬᠤ ᠵᠢᠴᠢ | ᠬᠠᠷᠢᠭᠤ ᠪᠠᠷᠢᠮᠲᠠ ᠳᠠᠷᠤᠮᠠᠯᠯᠠᠬᠤ︾᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢ ᠲᠡᠰᠦᠯᠦᠠ ᠪᠤᠳᠦᠬᠤ ᠭᠡᠷᠡᠴᠢ︾ ᠵᠡᠷᠭᠡ ᠶᠢ ᠠᠦ᠋ᠲ᠋ᠤ᠋ ᠪᠠᠷ ᠭᠦᠢᠴᠡᠳᠬᠡᠬᠦ ᠦᠢᠯᠡᠴᠢᠯᠡᠭᠡ ᠬᠠᠩᠭᠠᠵᠤ | ᠪᠠᠶᠢᠨ᠎ᠠ᠃ |