ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2018-05-08
ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                           227 ᠳ᠋ᠤᠭᠠᠷ ᠲᠤᠭᠠᠳᠤ      ︽ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠢ ᠨᠢᠭᠡᠨᠲᠡ 2017 ᠣᠨ ᠤ 11 ᠳ᠋ᠤᠭᠡᠷ ᠰᠠᠷ᠎ᠠ ᠶᠢᠨ 29᠎ ᠤ ᠡᠳᠦᠷ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ ᠡᠳᠦᠭᠡ ᠨᠡᠶᠢᠲᠡᠯᠡᠪᠡ᠂ ᠨᠠᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃                            ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ    ᠪᠦ᠋ ᠰᠢᠶᠤᠤ ᠯᠢᠨ                                  2017 ᠣᠨ ᠤ 12 ᠳ᠋ᠤᠭᠠᠷ ᠰᠠᠷ᠎ᠠ ᠶᠢᠨ 13᠎ ᠤ ᠡᠳᠦᠷ      ᠵᠠᠰᠠᠭ ᠢ ᠴᠤᠮᠬᠠᠳᠬᠠᠵᠤ ᠡᠷᠬᠡ ᠶᠢ ᠳᠣᠷᠤᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠬᠠᠤᠯᠢ ᠶᠤᠰᠤᠭᠠᠷ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ 2017 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠵᠠᠰᠠᠭ ᠤᠨ ᠣᠷᠳᠣᠨ ᠤ ᠳᠣᠣᠷᠠᠬᠢ ᠳᠦᠷᠢᠮ ᠲᠣᠭᠲᠠᠭᠠᠯ ᠤᠳ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠄      ᠨᠢᠭᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠭᠠᠵᠠᠷ ᠰᠢᠷᠤᠢ ᠶᠢᠨ ᠳᠠᠬᠢᠨ ᠬᠠᠭᠠᠯᠪᠤᠷᠢᠯᠠᠯᠲᠠ ᠶᠢᠨ ᠬᠡᠷᠡᠭᠵᠢᠭᠦᠯᠬᠦ ᠠᠷᠭ᠎ᠠ︾ ︵1991 ᠣᠨ ᠤ 5 ᠳ᠋ᠤᠭᠠᠷ ᠰᠠᠷ᠎ᠠ ᠶᠢᠨ 9᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 28 ᠳ᠋ᠤᠭᠠᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔      ᠬᠤᠶᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠷᠭ᠎ᠠ︾ ︵2000 ᠣᠨ ᠤ 12 ᠳ᠋ᠤᠭᠠᠷ ᠰᠠᠷ᠎ᠠ ᠶᠢᠨ 7᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 108 ᠳ᠋ᠤᠭᠠᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔      ᠭᠤᠷᠪᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠯᠠ ᠱᠦᠢᠨᠢ ᠶᠢᠨ ᠬᠥᠭᠵᠢᠯᠲᠡ ᠶᠢ ᠠᠬᠢᠭᠤᠯᠬᠤ ᠠᠷᠭ᠎ᠠ︾ ︵2002 ᠣᠨ ᠤ 10 ᠳ᠋ᠤᠭᠠᠷ ᠰᠠᠷ᠎ᠠ ᠶᠢᠨ 31᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 124 ᠳ᠋ᠤᠭᠡᠷ ᠲᠣᠭᠠᠲᠤ ᠪᠠᠷ ᠨᠡᠶᠢᠲᠡᠯᠡᠵᠦ᠂ 2012 ᠣᠨ ᠤ 4 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 186 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔       ᠳᠥᠷᠪᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠤᠯᠠᠬᠤ ᠨᠣᠮᠧᠷ ᠤᠨ ᠬᠠᠮᠢᠶᠠᠷᠤᠯᠲᠠ ᠶᠢᠨ ᠠᠷᠭ᠎ᠠ︾ ︵2003 ᠣᠨ ᠤ 7 ᠳ᠋ᠤᠭᠠᠷ ᠰᠠᠷ᠎ᠠ ᠶᠢᠨ 30᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 128 ᠳ᠋ᠤᠭᠠᠷ ᠲᠣᠭᠠᠲᠤ ᠪᠠᠷ ᠨᠡᠶᠢᠲᠡᠯᠡᠪᠡ︶︔      ᠲᠠᠪᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠰᠢᠨᠲᠦ ᠲᠡᠷᠭᠡ ᠶᠢᠨ ᠭᠠᠳᠠᠭᠰᠢᠯᠠᠭᠤᠯᠬᠤ ᠬᠡᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ︾ ︵2003 ᠣᠨ ᠤ 8 ᠳ᠋ᠤᠭᠠᠷ ᠰᠠᠷ᠎ᠠ ᠶᠢᠨ 19᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 129 ᠳ᠋ᠤᠭᠡᠷ ᠲᠣᠭᠠᠲᠤ ᠪᠠᠷ ᠨᠡᠶᠢᠲᠡᠯᠡᠪᠡ︶︔      ᠵᠢᠷᠭᠤᠭ᠎ᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠡᠵᠢᠭᠡᠯ ᠪᠤᠷᠳᠤᠭ᠎ᠠ ᠪᠠ ᠲᠡᠵᠢᠭᠡᠯ ᠪᠣᠷᠳᠤᠭ᠎ᠠ ᠶᠢᠨ ᠨᠡᠮᠡᠯᠲᠡ ᠡᠳ᠋ ᠤᠨ ᠬᠠᠮᠢᠶᠠᠷᠤᠯᠲᠠ ᠶᠢᠨ ᠠᠷᠭ᠎ᠠ︾ ︵2006 ᠣᠨ ᠤ 1 ᠳ᠋ᠤᠭᠡᠷ ᠰᠠᠷ᠎ᠠ ᠶᠢᠨ 19᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 142 ᠳ᠋ᠤᠭᠠᠷ ᠲᠣᠭᠠᠲᠤ ᠪᠠᠷ ᠨᠡᠶᠢᠲᠡᠯᠡᠵᠦ᠂ 2009 ᠣᠨ ᠤ 2 ᠳ᠋ᠤᠭᠠᠷ ᠰᠠᠷ᠎ᠠ ᠶᠢᠨ 17᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 167 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠵᠤ᠂ 2016 ᠣᠨ ᠤ 5 ᠳ᠋ᠤᠭᠠᠷ ᠰᠠᠷ᠎ᠠ ᠶᠢᠨ 10᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 219 ᠳ᠋ᠤᠭᠡᠷ ᠲᠣᠭᠠᠲᠤ ᠪᠠᠷ ᠵᠠᠰᠠᠪᠤᠷᠢ ᠣᠷᠤᠭᠤᠯᠪᠠ︶︔      ᠳᠣᠯᠤᠭ᠎ᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠤᠯᠢᠬᠤ ᠠᠷᠭ᠎ᠠ︾ ︵2008 ᠣᠨ ᠤ 1 ᠳ᠋ᠤᠭᠡᠷ ᠰᠠᠷ᠎ᠠ ᠶᠢᠨ 4᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 154 ᠳ᠋ᠤᠭᠡᠷ ᠲᠣᠭᠠᠲᠤ ᠪᠠᠷ ᠨᠡᠶᠢᠲᠡᠯᠡᠪᠡ︶︔      ᠨᠠᠢᠮᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠣᠲᠤᠭᠠᠳᠤᠬᠢ ᠬᠢᠨᠠᠨ ᠪᠣᠳᠣᠯᠲᠠ ᠶᠢᠨ ᠠᠷᠭ᠎ᠠ︾ ︵2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 177 ᠳ᠋ᠤᠭᠠᠷ ᠲᠣᠭᠠᠲᠤ ᠪᠠᠷ ᠨᠡᠶᠢᠲᠡᠯᠡᠪᠡ︶︔      ᠶᠢᠰᠦ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠢᠬᠢᠨ ᠤ ᠲᠦᠷᠦᠯ ᠤᠨ ᠬᠠᠮᠢᠶᠠᠷᠤᠯᠲᠠ ᠶᠢᠨ ᠠᠷᠭ᠎ᠠ︾ ︵2013 ᠣᠨ ᠤ 3 ᠳ᠋ᠤᠭᠠᠷ ᠰᠠᠷ᠎ᠠ ᠶᠢᠨ 12᠎ ᠤᠨ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 195 ᠳ᠋ᠤᠭᠠᠷ ᠲᠣᠭᠠᠲᠤ ᠪᠠᠷ ᠨᠡᠶᠢᠲᠡᠯᠡᠪᠡ︶︔      ᠠᠷᠪᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠸᠠᠷ ᠫᠤᠤᠵᠢᠩ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠭᠠᠯ︾ ︵1989 ᠣᠨ ᠤ 12 ᠳ᠋ᠤᠭᠠᠷ ᠰᠠᠷ᠎ᠠ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 11 ᠳ᠋ᠤᠭᠡᠷ ᠲᠣᠭᠠᠲᠤ ᠪᠠᠷ ᠨᠡᠶᠢᠲᠡᠯᠡᠵᠦ᠂ 2001 ᠣᠨ ᠤ 10 ᠳ᠋ᠤᠭᠠᠷ ᠰᠠᠷ᠎ᠠ ᠶᠢᠨ 11᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 115 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠵᠤ᠂ 2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔      ᠠᠷᠪᠠᠨ ᠨᠢᠭᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵2000 ᠣᠨ ᠤ 12 ᠳ᠋ᠤᠭᠠᠷ ᠰᠠᠷ᠎ᠠ ᠶᠢᠨ 21᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 109 ᠳ᠋ᠤᠭᠡᠷ ᠲᠣᠭᠠᠲᠤ ᠪᠠᠷ ᠨᠡᠶᠢᠲᠡᠯᠡᠪᠡ︶︔      ᠠᠷᠪᠠᠨ ᠬᠤᠶᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠲᠦᠪᠬᠢᠨᠡᠭᠦᠯᠬᠦ ᠠᠷᠭ᠎ᠠ︾ ︵2001 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 111 ᠳ᠋ᠤᠭᠡᠷ ᠲᠣᠭᠠᠲᠤ ᠪᠠᠷ ᠨᠡᠶᠢᠲᠡᠯᠡᠪᠡ︶︔      ᠠᠷᠪᠠᠨ ᠭᠤᠷᠪᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠲᠠᠰᠤᠲᠤ ᠲᠧᠯᠸᠢᠰ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵1992 ᠣᠨ ᠤ 1 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 36 ᠳ᠋ᠤᠭᠠᠷ ᠲᠣᠭᠠᠲᠤ ᠪᠠᠷ ᠨᠡᠶᠢᠲᠡᠯᠡᠵᠦ᠂ 1995 ᠣᠨ ᠤ 11 ᠳ᠋ᠤᠭᠡᠷ ᠰᠠᠷ᠎ᠠ ᠶᠢᠨ 27᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 64 ᠳ᠋ᠤᠭᠡᠷ ᠲᠣᠭᠠᠲᠤ ᠪᠠᠷ ᠵᠠᠰᠠᠪᠤᠷᠢ ᠣᠷᠣᠭᠤᠯᠵᠤ᠂ 1998 ᠣᠨ ᠤ 8 ᠳ᠋ᠤᠭᠠᠷ ᠰᠠᠷ᠎ᠠ ᠶᠢᠨ 13᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 87 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠵᠤ᠂ 2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔      ᠠᠷᠪᠠᠨ ᠳᠥᠷᠪᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠦᠷ ᠰᠠᠭᠤᠭ᠎ᠠ ᠬᠦᠮᠦᠨ ᠠᠮᠠ ᠶᠢᠨ ᠬᠠᠮᠢᠶᠠᠷᠤᠯᠲᠠ ᠶᠢᠨ ᠠᠷᠭ᠎ᠠ︾ ︵1992 ᠣᠨ ᠤ 4 ᠳ᠋ᠤᠭᠡᠷ ᠰᠠᠷ᠎ᠠ ᠶᠢᠨ 18᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 37 ᠳ᠋ᠤᠭᠠᠷ ᠲᠣᠭᠠᠲᠤ ᠪᠠᠷ ᠨᠡᠶᠢᠲᠡᠯᠡᠵᠦ᠂ 1994 ᠣᠨ ᠤ 12 ᠳ᠋ᠤᠭᠠᠷ ᠰᠠᠷ᠎ᠠ ᠶᠢᠨ 3᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 62 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠵᠤ᠂ 1998 ᠣᠨ ᠤ 8 ᠳ᠋ᠤᠭᠠᠷ ᠰᠠᠷ᠎ᠠ ᠶᠢᠨ 13᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 87 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠵᠤ᠂ 2010 ᠣᠨ ᠤ 11 ᠳ᠋ᠤᠭᠡᠷ ᠰᠠᠷ᠎ᠠ ᠶᠢᠨ 26᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠤᠭᠤᠯᠪᠠ︶︔      ᠠᠷᠪᠠᠨ ᠲᠠᠪᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠦᠷ ᠢ ᠬᠠᠮᠠᠭᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ︵2004 ᠣᠨ ᠤ 1 ᠳ᠋ᠤᠭᠡᠷ ᠰᠠᠷ᠎ᠠ ᠶᠢᠨ 29᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 133 ᠳ᠋ᠤᠭᠠᠷ ᠲᠣᠭᠠᠲᠤ ᠪᠠᠷ ᠨᠡᠶᠢᠲᠡᠯᠡᠪᠡ︶︔      ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号