ᠬᠥᠯᠥᠨ ᠪᠤᠶᠢᠷ ᠬᠤᠳᠠ ᠪᠠᠲᠤᠯᠠᠭ᠎ᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ ᠪᠣᠢ
ᠨᠡᠶᠢᠲᠡᠯᠡᠭᠰᠡᠨ ᠴᠠᠭ᠄
2018/5/9
      ︽2018 ᠣᠨ ᠤ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ 2018 ᠣᠨ ᠎ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠦᠭᠦ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠪᠠᠨ ᠳᠡᠭᠡᠭᠰᠢᠯᠡᠭᠦᠯᠪᠡ᠂ ᠡᠭᠦᠨ ᠳᠤ᠄ ᠬᠤᠳᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠥᠮᠦᠨ ᠳᠤᠮᠳᠠᠴᠢ ᠪᠠᠷ 570 ᠲᠥᠭᠦᠷᠢᠭ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠤ ᠬᠥᠮᠦᠨ ᠳᠤᠮᠳᠠᠴᠢ ᠪᠠᠷ 5020 ᠲᠥᠭᠦᠷᠢᠭ ᠪᠣᠯᠭᠠᠵᠠᠢ︔ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠶᠢ ᠰᠠᠷ᠎ᠠ ᠳᠤ ᠬᠥᠮᠦᠨ ᠳᠤᠮᠳᠠᠴᠢ ᠪᠠᠷ 741 ᠲᠥᠭᠦᠷᠢᠭ ︵ᠪᠠᠶᠢᠭᠤᠯᠤᠮᠵᠢ ᠠᠴᠠ ᠠᠰᠠᠷᠠᠨ ᠲᠡᠵᠢᠭᠡᠬᠦ ᠪᠠᠷᠢᠮᠵᠢᠶ᠎ᠠ ᠶᠢ 784 ᠲᠥᠭᠦᠷᠢᠭ︶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠶᠢ ᠵᠢᠯ ᠳᠤ ᠬᠥᠮᠦᠨ ᠳᠤᠮᠳᠠᠴᠢ ᠪᠠᠷ 6757 ᠲᠥᠭᠦᠷᠢᠭ ︵ᠪᠠᠶᠢᠭᠤᠯᠤᠮᠵᠢ ᠠᠴᠠ ᠠᠰᠠᠷᠠᠨ ᠲᠡᠵᠢᠭᠡᠬᠦ ᠪᠠᠷᠢᠮᠵᠢᠶ᠎ᠠ ᠶᠢ 8045 ᠲᠥᠭᠦᠷᠢᠭ︶ ᠪᠣᠯᠭᠠᠵᠤ᠂ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠎ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠰᠠᠷ᠎ᠠ ᠳᠤ ᠬᠥᠮᠦᠨ ᠳᠤᠮᠳᠠᠴᠢ ᠪᠠᠷ 1047 ᠲᠥᠭᠦᠷᠢᠭ ᠪᠣᠯᠭᠠᠵᠤ᠂ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ ᠬᠡᠰᠡᠭ ᠠᠯᠳᠠᠭᠰᠠᠳ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠰᠠᠷ᠎ᠠ ᠳᠤ ᠬᠥᠮᠦᠨ ᠳᠤᠮᠳᠠᠴᠢ ᠪᠠᠷ 403 ᠲᠥᠭᠦᠷᠢᠭ ᠪᠣᠯᠭᠠᠵᠠᠢ᠃ 2018 ᠣᠨ ᠳᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠤᠲᠠ ᠶᠢᠨ ᠳᠤᠰ ᠱᠠᠲᠤᠨ ᠤ ᠵᠢᠯ ᠤᠨ ᠡᠬᠢᠨ ᠤ ᠲᠥᠰᠦᠪ ᠲᠤ 7685.85 ᠲᠦᠮᠡᠨ ᠲᠥᠭᠦᠷᠢᠭ ᠲᠣᠬᠢᠷᠠᠭᠤᠯᠵᠤ᠂ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤ ᠬᠤᠲᠠ ᠶᠢᠨ ᠲᠤᠰ ᠱᠠᠲᠤᠨ ᠤ ᠵᠢᠯ ᠤᠨ ᠡᠬᠢᠨ ᠤ ᠲᠥᠰᠦᠪ ᠲᠤ 851.28 ᠲᠦᠮᠡᠨ ᠲᠥᠭᠦᠷᠢᠭ ᠲᠣᠬᠢᠷᠠᠭᠤᠯᠵᠠᠢ᠃ ᠣᠳᠣᠬᠠᠨ ᠪᠣᠯᠲᠠᠯ᠎ᠠ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠨᠡᠶᠢᠲᠡ 58953.85 ᠲᠦᠮᠡᠨ ᠲᠥᠭᠦᠷᠢᠭ ᠪᠠᠭᠤᠯᠭᠠᠵᠤ᠂ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠤᠨ ᠠᠰᠠᠷᠠᠨ ᠰᠤᠪᠢᠯᠠᠬᠤ ᠨᠥᠬᠦᠪᠥᠷᠢ ᠶᠢᠨ ᠪᠡᠯᠡ ᠮᠥᠩᠭᠦ ᠶᠢ 4457.28 ᠲᠦᠮᠡᠨ ᠲᠥᠭᠦᠷᠢᠭ ᠪᠠᠭᠤᠯᠭᠠᠵᠤ᠂ ᠰᠢᠨ᠎ᠡ ᠪᠠᠷᠢᠮᠵᠢᠶ᠎ᠠ ᠪᠠᠷ ᠪᠡᠯᠡ ᠮᠥᠩᠭᠦ ᠶᠢ ᠨᠥᠬᠦᠨ ᠣᠯᠭᠤᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号