ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠶᠢᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠣᠷᠣᠨ ᠤ ᠶᠠᠳᠠᠭᠤ ᠬᠦᠴᠢᠷᠳᠡᠯ ᠲᠠᠢ | ᠭᠠᠵᠠᠷ ᠣᠷᠣᠨ ᠤ ᠰᠤᠷᠤᠭᠴᠢ ᠶᠢᠨ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠮᠡᠳᠡᠭᠳᠡᠮ᠎ᠡ ᠰᠠᠶᠢᠵᠢᠷᠠᠪᠠ᠃ | ᠣᠳᠣᠬᠠᠨ ᠪᠣᠯᠲᠠᠯ᠎ᠠ᠂ ᠮᠠᠨ ᠤ ᠣᠷᠣᠨ ᠤ 31 ᠰᠢᠶᠠᠨ ᠤ ᠱᠠᠲᠤᠨ ᠤ ᠵᠠᠰᠠᠭ ᠵᠠᠬᠢᠷᠭᠠᠨ ᠤ ᠨᠢᠭᠡᠴᠡ ᠮᠠᠯᠵᠢᠬᠤ | ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠡᠭᠦᠨ ᠳᠤ ᠤᠯᠤᠰ ᠤᠨ ᠲᠤᠷᠰᠢᠯᠲᠠ ᠶᠢᠨ 8 ᠬᠤᠰᠢᠭᠤ ᠰᠢᠶᠠᠨ᠂ | ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ 23 ᠬᠤᠰᠢᠭᠤ ᠰᠢᠶᠠᠨ ᠪᠠᠭᠲᠠᠨ᠎ᠠ᠃ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠡᠶᠢᠲᠡ 985 ᠰᠤᠷᠭᠠᠭᠤᠯᠢ ᠶᠢ | ᠬᠠᠮᠤᠷᠴᠤ᠂ 25.69 ᠲᠦᠮᠡᠨ ᠰᠤᠷᠤᠭᠴᠢ ᠠᠰᠢᠭ ᠬᠦᠷᠲᠡᠵᠡᠢ᠃ ᠡᠭᠦᠨ ᠳᠤ᠂ ᠤᠯᠤᠰ ᠤᠨ ᠲᠤᠷᠰᠢᠯᠲᠠ ᠶᠢᠨ | ᠬᠤᠰᠢᠭᠤ ᠰᠢᠶᠠᠨ ᠨᠡᠶᠢᠲᠡ 145 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠬᠠᠮᠤᠷᠴᠤ᠂ 4. | 81 ᠲᠦᠮᠡᠨ ᠰᠤᠷᠤᠭᠴᠢ ᠠᠰᠢᠭ ᠬᠦᠷᠲᠡᠵᠡᠢ︔ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ | ᠰᠢᠶᠠᠨ ᠨᠡᠶᠢᠲᠡ 840 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠬᠠᠮᠤᠷᠴᠤ᠂ 20.88 | ᠲᠦᠮᠡᠨ ᠰᠤᠷᠤᠭᠴᠢ ᠠᠰᠢᠭ ᠬᠦᠷᠲᠡᠵᠡᠢ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠲᠤᠷᠰᠢᠯᠲᠠ ᠶᠢᠨ ᠬᠤᠰᠢᠭᠤ ᠰᠢᠶᠠᠨ ᠤ ᠣᠷᠣᠨ | ᠨᠤᠲᠤᠭ ᠤᠨ ᠵᠠᠰᠠᠭ ᠤᠨ ᠣᠷᠳᠣᠨ ᠪᠣᠯ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ | ᠬᠠᠷᠢᠭᠤᠴᠠᠯᠭ᠎ᠠ ᠶᠢᠨ ᠭᠤᠣᠯ ᠴᠣᠭᠴᠠ ᠪᠠ ᠠᠵᠢᠯᠯᠠᠭᠠᠨ ᠤ ᠭᠤᠤᠯ ᠴᠣᠭᠴᠠ ᠭᠡᠬᠦ ᠦᠵᠡᠯ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢ ᠳᠥᠯᠭᠢᠨ ᠠᠬᠢᠭᠤᠯᠬᠤ | ᠲᠦᠷᠦ ᠶᠢᠨ ᠪᠤᠳᠤᠯᠭ᠎ᠠ ᠵᠢᠴᠢ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠲᠤᠷᠰᠢᠯᠲᠠ ᠶᠢᠨ ᠬᠤᠰᠢᠭᠤ | ᠰᠢᠶᠠᠨ ᠤ ᠢᠵᠢ ᠪᠦᠷᠢᠨ ᠵᠠᠷᠤᠳᠠᠯ ᠪᠣᠯᠤᠨ ᠠᠵᠢᠯ ᠤᠨ ᠵᠠᠷᠤᠳᠠᠯ ᠢ ᠤᠯᠠᠮ ᠨᠢᠭᠡ ᠠᠯᠬᠤᠮ ᠲᠤᠬᠢᠲᠠᠢ | ᠰᠢᠢᠳᠪᠦᠷᠢᠯᠡᠵᠦ᠂ ᠡᠯ᠎ᠡ ᠱᠠᠲᠤᠨ ᠤ ᠡᠯ᠎ᠡ ᠲᠦᠷᠦᠯ ᠤᠨ ᠪᠤᠯᠪᠠᠰᠤᠷᠠᠭᠤᠯᠤᠯ ᠢ ᠴᠢᠩᠭᠠᠳᠬᠠᠵᠤ᠂ ᠪᠠᠶᠢᠩᠭᠤ ᠶᠢᠨ | ᠬᠢᠨᠠᠨ ᠵᠢᠯᠤᠭᠤᠳᠤᠯᠭ᠎ᠠ ᠪᠠ ᠪᠠᠶᠢᠴᠠᠭᠠᠯᠲᠠ ᠶᠢ ᠦᠷᠨᠢᠭᠦᠯᠵᠦ᠂ ᠰᠤᠷᠭᠠᠭᠤᠯᠢ ᠶᠢᠨ ᠠᠯᠪᠠᠨ ᠬᠡᠷᠡᠭᠯᠡᠭᠡᠨ ᠤ | ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠪᠠᠷ ᠨᠠᠮᠳᠠᠭᠤᠯᠤᠨ᠎ᠠ᠃ ᠡᠯ᠎ᠡ ᠱᠠᠲᠤᠨ ᠤ ᠰᠤᠷᠤᠭᠴᠢ ᠶᠢᠨ ᠰᠢᠮ᠎ᠡ | ᠲᠡᠵᠢᠭᠡᠯ ᠤᠨ ᠠᠯᠪᠠᠨ ᠭᠡᠷ ᠤᠨ ᠠᠵᠢᠯ ᠤᠨ ᠪᠠᠶᠢᠭᠤᠯᠤᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠤᠰᠬᠠᠶ | ᠠᠵᠢᠯᠲᠠᠨ ᠲᠣᠬᠢᠷᠠᠭᠤᠯᠤᠨ᠂ ᠠᠵᠢᠯ ᠤᠨ ᠨᠦᠭᠦᠴᠡᠯ ᠢ ᠪᠦᠷᠢᠨᠰᠢᠭᠦᠯᠵᠦ᠂ ᠡᠯ᠎ᠡ ᠵᠦᠢᠯ ᠤᠨ ᠠᠵᠢᠯ ᠤᠨ | ᠦᠷᠭᠦᠯᠵᠢᠯᠡᠬᠦ ᠴᠢᠨᠠᠷ ᠪᠠ ᠰᠢᠰᠲ᠋ᠧᠮᠲᠦ ᠴᠢᠨᠠᠷ ᠢ ᠦᠨᠡᠨ ᠬᠦ ᠪᠠᠲᠤᠯᠠᠨ᠎ᠠ᠃ ᠬᠤᠭᠤᠯᠠᠨ ᠭᠡᠷ ᠤᠨ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠰᠤᠷᠭᠠᠭᠤᠯᠢ ᠶᠢᠨ ᠬᠤᠭᠤᠯᠠᠨ ᠭᠡᠷ ᠤᠨ ᠪᠥᠳᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠭᠤᠯᠠ | ᠬᠠᠩᠭᠠᠬᠤ ᠨᠦᠭᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠤᠨ | ᠬᠤᠭᠤᠯᠠ ᠬᠠᠩᠭᠠᠬᠤ ᠶᠠᠪᠤᠴᠠ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ | ᠪᠤᠯᠪᠠᠰᠤᠷᠠᠭᠤᠯᠤᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠬᠠᠶ ᠲᠤᠰᠢᠶᠠᠯ ᠲᠠᠢ ᠪᠠ | ᠲᠤᠰᠢᠶᠠᠯ ᠬᠠᠪᠰᠤᠷᠭᠠᠭᠰᠠᠨ ᠰᠢᠮ᠎ᠡ ᠲᠡᠵᠢᠭᠡᠯ ᠤᠨ ᠪᠠᠭᠰᠢ ᠪᠤᠯᠤᠨ ᠡᠷᠡᠭᠦᠯ ᠮᠡᠨᠳᠦ ᠶᠢᠨ ᠬᠥᠮᠦᠵᠢᠯ ᠬᠢᠬᠦ ᠪᠠᠭᠰᠢ ᠶᠢᠨ | ᠪᠤᠯᠪᠠᠰᠤᠷᠠᠭᠤᠯᠤᠯ ᠢ ᠢᠳᠡᠪᠬᠢᠲᠡᠢ ᠦᠷᠨᠢᠭᠦᠯᠵᠦ᠂ ᠰᠢᠮ᠎ᠡ ᠲᠡᠵᠢᠭᠡᠯ ᠤᠨ ᠢᠳᠡᠭᠡᠨ ᠤ ᠵᠢᠭᠰᠠᠯ ᠤᠨ ᠰᠢᠨᠵᠢᠯᠡᠬᠦ | ᠤᠬᠠᠭᠠᠨᠴᠢ ᠵᠢᠯᠤᠭᠤᠳᠤᠯᠭ᠎ᠠ ᠶᠢ ᠴᠢᠩᠭᠠᠳᠬᠠᠵᠤ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠦᠮᠦᠵᠢᠯ ᠢ | ᠴᠢᠩᠭᠠᠷᠠᠭᠤᠯᠵᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠲᠤᠯᠠᠨ᠎ᠠ᠃ |