内蒙古自治区政府门户网站
 
︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠭᠡᠷ ᠤᠨ ᠳᠡᠵᠢᠭᠡᠪᠦᠷᠢ ᠶᠢᠨ ᠭᠡᠪᠴᠢᠶᠡᠳᠣ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ ︵ᠲᠣᠷᠰᠢᠨ ᠭᠡᠷᠡᠭᠵᠢᠬᠦᠯᠬᠦ︶︾᠎ ᠶᠢ ᠲᠠᠷᠣᠮᠠᠯᠯᠠᠨ ᠶᠠᠪᠤᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-06-01
                      ᠦᠪᠦᠷ ᠵᠠᠰᠠᠭ ᠠᠯᠪᠠᠨ ᠲᠠᠷᠬᠠᠭᠠᠭᠰᠠᠨ ﹇2018﹈ 12 ᠳ᠋ᠤᠭᠠᠷ ᠲᠤᠭᠠᠳᠤ                              2018 ᠣᠨ ᠤ 2 ᠳ᠋ᠣᠭᠠᠷ ᠰᠡᠷ᠎ᠠ ᠶᠢᠨ 8᠎ ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠭᠡᠷ ᠤᠨ ᠳᠡᠵᠢᠭᠡᠪᠦᠷᠢ ᠶᠢᠨ ᠭᠡᠪᠴᠢᠶᠡᠳᠣ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ ︵ᠲᠣᠷᠰᠢᠨ ᠭᠡᠷᠡᠭᠵᠢᠬᠦᠯᠬᠦ︶︾᠎ ᠶᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠥᠭᠡᠳ᠂ ᠡᠳᠦᠬᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠯᠠᠪᠯᠠᠯᠳᠡ ᠪᠤᠯᠭᠠᠨ ᠬᠢᠨᠠᠮᠠᠭᠠᠢ ᠬᠡᠷᠡᠭᠵᠢᠬᠦᠯᠳᠦᠬᠡᠢ᠃           ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠭᠡᠷ ᠤᠨ           ᠳᠡᠵᠢᠭᠡᠪᠦᠷᠢ ᠶᠢᠨ ᠭᠡᠪᠴᠢᠶᠡᠳᠣ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ           ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ ︵ᠲᠣᠷᠰᠢᠨ ᠭᠡᠷᠡᠭᠵᠢᠬᠦᠯᠬᠦ︶      ︽ᠭᠡᠷ ᠤᠨ ᠳᠡᠵᠢᠭᠡᠪᠦᠷᠢ ᠶᠢᠨ ᠭᠡᠪᠴᠢᠶᠡᠳᠣ ᠳᠡᠵᠢᠭᠡᠨ ᠦᠷᠡᠵᠢᠬᠦᠯᠬᠦ ᠶᠢᠨ ᠪᠣᠬᠢᠷᠳᠦᠯ ᠢ ᠰᠡᠷᠭᠡᠶᠢᠯᠡᠨ ᠵᠠᠰᠠᠬᠤ ᠳᠥᠷᠢᠮ︾ ︵ᠳᠥᠷᠥ ᠶᠢᠨ ᠶᠠᠪᠤᠳᠡᠯ ᠤᠨ ᠬᠤᠷᠢᠶ᠎ᠠ ᠶᠢᠨ ᠵᠠᠷᠯᠢᠭ 643 ᠳ᠋ᠣᠭᠠᠷ ᠲᠣᠭᠠᠳᠣ︶᠎ ᠤᠨ ᠲᠣᠠᠠᠳᠠᠭᠠᠯ ᠢ ᠦᠨᠳᠣᠰᠣᠯᠡᠵᠦ᠂ ᠣᠯᠥᠰ ᠪᠠ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠤᠨ ᠱᠠᠭᠠᠷᠳᠡᠯᠭ᠎ᠠ ᠶᠣᠰᠣᠭᠠᠷ᠂ ᠭᠡᠷ ᠤᠨ ᠳᠡᠵᠢᠭᠡᠪᠦᠷᠢ ᠶᠢᠨ ᠭᠡᠪᠴᠢᠶ᠎ᠠ᠂ ᠦᠨᠳᠣᠷ ᠦᠷ᠎ᠠ ᠪᠦᠳᠦᠮᠵᠢᠳᠡᠢ ᠪᠠᠷ ᠳᠡᠵᠢᠭᠡᠨ ᠦᠷᠡᠵᠢᠬᠦᠯᠬᠦ ᠶᠢ ᠠᠬᠢᠭᠤᠯᠵᠦ᠂ ᠮᠠᠯ ᠠᠵᠦ ᠠᠬᠤᠢ ᠶᠢᠨ ᠪᠣᠬᠢᠷᠳᠦᠯ ᠦᠭᠡᠢ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠣᠰᠠᠳᠡ᠂ ᠲᠣᠰ ᠪᠠᠷᠢᠮᠵᠢᠶ᠎ᠠ ᠶᠢ ᠲᠣᠠᠠᠳᠠᠭᠠᠪᠠ᠂ ᠯᠠᠪᠯᠠᠯᠳᠡ ᠪᠤᠯᠭᠠᠨ ᠭᠡᠷᠡᠭᠵᠢᠬᠦᠯᠬᠦ ᠳᠤ ᠵᠣᠷᠢᠭᠤᠯᠪᠡ᠃      ᠠᠮᠢᠳᠦ ᠭᠠᠭ᠋ᠠᠢ ᠶᠢᠨ ᠭᠡᠪᠴᠢᠶᠡᠳᠦ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ᠄ 500᠎ ᠠᠴᠠ ᠳᠡᠭᠡᠭᠰᠢ ᠭᠠᠭ᠋ᠠᠢ ᠳᠡᠵᠢᠭᠡᠬᠦ︔ ᠰᠠᠭᠠᠯᠢ ᠶᠢᠨ ᠦᠨᠢᠶ᠎ᠠ ᠶᠢᠨ ᠭᠡᠪᠴᠢᠶᠡᠳᠦ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ᠄ 100᠎ ᠠᠴᠠ ᠲᠡᠭᠡᠭᠰᠢ ᠦᠨᠢᠶ᠎ᠡ ᠳᠡᠵᠢᠬᠡᠬᠦ︔ ᠢᠳᠡᠰᠢᠨ ᠦᠬᠡᠷ ᠤᠨ ᠭᠡᠪᠴᠢᠶᠡᠳᠦ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ᠄ 100᠎ ᠠᠴᠠ ᠲᠡᠭᠡᠭᠰᠢ ᠦᠬᠡᠷ ᠳᠡᠵᠢᠬᠡᠬᠦ ᠪᠣᠶᠣ ᠰᠢᠢᠳᠪᠦᠷᠢᠯᠡᠬᠦ︔ ᠦᠨᠳᠡᠭᠡᠨ ᠳᠡᠬᠢᠶ᠎ᠠ ᠶᠢᠨ ᠭᠡᠪᠴᠢᠶᠡᠳᠦ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ᠄ 10000᠎ ᠠᠴᠠ ᠲᠡᠭᠡᠭᠰᠢ ᠲᠠᠬᠢᠶ᠎ᠠ ᠳᠡᠵᠢᠬᠡᠬᠦ︔ ᠢᠳᠡᠰᠢᠨ ᠳᠡᠬᠢᠶ᠎ᠠ ᠶᠢᠨ ᠭᠡᠪᠴᠢᠶᠡᠳᠦ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ᠄ 10000 ᠲᠠᠬᠢᠶ᠎ᠠ ᠳᠡᠵᠢᠭᠡᠬᠦ ᠪᠤᠶᠤ 50000 ᠎ ᠠᠴᠠ ᠲᠡᠭᠡᠭᠰᠢ ᠰᠢᠢᠳᠪᠦᠷᠢᠯᠡᠬᠦ᠃      ᠪᠣᠰᠣᠳ ᠭᠡᠷ ᠤᠨ ᠳᠡᠵᠢᠭᠡᠪᠦᠷᠢ ᠶᠢᠨ ᠭᠡᠪᠴᠢᠶᠡᠳᠣ ᠳᠡᠵᠢᠭᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠭᠡᠪᠴᠢᠶ᠎ᠠ ᠪᠠᠷᠢᠮᠵᠢᠶ᠎ᠠ ᠶᠢ ᠭᠠᠭ᠋ᠠᠢ ᠶᠢᠨ ᠲᠡᠩᠴᠡᠯ ᠢᠶᠠᠷ ᠨᠣᠭᠤᠯᠥᠨ ᠪᠤᠳᠣᠨ᠎ᠠ ︵ᠨᠣᠭᠤᠯᠥᠨ ᠪᠣᠳᠣᠬᠤ ᠪᠡᠷᠢᠮᠵᠢᠶ᠎ᠠ ᠶᠢ ᠬᠠᠮᠢᠶ᠎ᠠ ᠪᠦᠬᠦᠢ ᠮᠡᠷᠭᠡᠵᠢᠯ ᠤᠨ ᠵᠢᠯᠥᠭᠤᠳᠬᠤ ᠰᠠᠨᠠᠯ ᠢᠶᠠᠷ ᠯᠠᠪᠯᠠᠯᠳᠡ ᠪᠤᠯᠭᠠᠨ᠎ᠠ︶᠃      ᠬᠠᠮᠢᠶ᠎ᠠ ᠪᠦᠬᠦᠢ ᠪᠠᠶᠢᠳᠡᠯ ᠤᠨ ᠲᠣᠳᠣᠷᠬᠠᠶᠢᠯᠠᠯᠳᠡ᠄      ᠨᠢᠭᠡ᠂ ᠳᠡᠷᠢᠶᠡᠯᠡᠬᠤ ᠣᠷᠣᠨ ᠤ ᠭᠡᠷ ᠤᠨ ᠳᠡᠵᠢᠭᠡᠪᠦᠷᠢ ᠶᠢᠨ ᠳᠡᠵᠢᠭᠡᠨ ᠦᠷᠡᠵᠢᠬᠦᠯᠬᠦ ᠲᠣᠰᠬᠠᠢ ᠡᠷᠦᠬᠡ ᠶᠢᠨ ᠭᠡᠪᠴᠢᠶ᠎ᠠ ᠪᠡᠷᠢᠮᠵᠢᠶ᠎ᠠ ᠶᠢ ᠳᠡᠭᠡᠷ᠎ᠠ ᠲᠣᠷᠡᠳᠣᠠᠠᠰᠠᠨ ᠪᠠᠷᠢᠮᠵᠢᠶ᠎ᠠ ᠪᠠᠷ ᠯᠠᠪᠯᠠᠯᠳᠡ ᠪᠤᠯᠭᠠᠨ᠎ᠠ᠃      ᠬᠤᠶᠡᠷ᠂ ᠳᠡᠯ᠎ᠠ ᠨᠣᠳᠤᠭ ᠤᠨ ᠮᠠᠯᠵᠢᠬᠤ ᠣᠷᠣᠨ ᠤ ᠮᠠᠯᠵᠢᠬᠤ ᠨᠦᠬᠦᠴᠡᠯ ᠲᠣᠣᠷ᠎ᠠ ᠮᠠᠯ ᠣᠨᠤᠭ᠎ᠠ ᠠᠷᠡᠴᠢᠯᠠᠵᠦ ᠪᠠᠶᠢᠭ᠎ᠠ ᠮᠠᠯᠴᠢᠨ ᠤ ᠭᠡᠷ ᠪᠦᠯᠢ ᠶᠢᠨ ᠮᠠᠯᠵᠢᠯ ᠤᠨ ᠲᠠᠯᠠᠪᠡᠢ᠂ ᠲᠣᠰᠬᠠᠢ ᠳᠡᠵᠢᠭᠡᠨ ᠦᠷᠡᠵᠢᠬᠦᠯᠬᠦ ᠲᠣᠮᠥ ᠡᠷᠦᠭᠡ ᠳᠤ ᠲᠣᠰ ᠪᠡᠷᠢᠮᠵᠢᠶ᠎ᠠ ᠭᠡᠷᠡᠭᠯᠡᠭᠳᠡᠬᠦ ᠦᠭᠡᠢ︔ ᠮᠠᠯᠵᠢᠬᠤ ᠣᠷᠣᠨ ᠳᠤ ᠭᠡᠪᠴᠢᠶᠡᠳᠦ ᠳᠡᠵᠢᠭᠡᠨ ᠦᠷᠡᠵᠢᠬᠦᠯᠬᠦ ᠶᠢ ᠦᠷᠨᠢᠭᠦᠯᠵᠦ ᠪᠠᠶᠢᠭ᠎ᠠ ᠠᠵᠦ ᠦᠢᠯᠡᠳᠪᠦᠷᠢ ᠬᠤᠳᠠᠯᠳᠣᠭᠠᠨ ᠤ ᠠᠵᠦ ᠠᠬᠤᠶᠢᠯᠠᠯ ᠨᠢ᠂ ᠭᠡᠷ ᠤᠨ ᠳᠡᠵᠢᠭᠡᠪᠦᠷᠢ ᠶᠢ ᠳᠥᠪᠯᠡᠷᠡᠬᠦᠯᠥᠨ ᠠᠷᠡᠴᠢᠯᠠᠬᠤ ᠳᠡᠯᠡᠪᠡᠢ ᠭᠠᠵᠡᠷ ᠪᠠᠶᠢᠭᠤᠯᠬᠤ ᠳᠤ᠂ ᠲᠣᠰ ᠪᠡᠷᠢᠮᠵᠢᠶ᠎ᠠ ᠪᠠᠷ ᠯᠠᠪᠯᠠᠯᠳᠡ ᠪᠤᠯᠭᠠᠨ᠎ᠠ᠃      ᠭᠤᠷᠪᠡ᠂ ᠦᠪᠡᠷᠳᠡᠭᠡᠨ ᠵᠠᠰᠠᠬᠤ ᠣᠷᠣᠨ ᠤ ᠮᠠᠯ ᠠᠵᠦ ᠠᠬᠤᠢ ᠶᠢᠨ ᠬᠦᠭᠵᠢᠯᠳᠡ ᠶᠢᠨ ᠪᠤᠳᠡᠳᠡᠢ ᠪᠠᠶᠢᠳᠡᠯ ᠢ ᠦᠨᠳᠣᠰᠣᠯᠡᠨ᠂ ᠭᠡᠷ ᠤᠨ ᠳᠡᠵᠢᠬᠡᠪᠦᠷᠢ ᠶᠢᠨ ᠭᠡᠪᠴᠢᠶᠡᠳᠦ ᠳᠡᠵᠢᠬᠡᠨ ᠦᠷᠡᠵᠢᠬᠦᠯᠬᠦ ᠳᠡᠯᠡᠪᠡᠢ ︵ᠵᠢᠵᠢᠭ ᠲᠤᠭᠤᠷᠢᠭ︶᠎ ᠶᠢᠨ ᠪᠡᠷᠢᠮᠵᠢᠶ᠎ᠠ ᠳᠤ ᠴᠠᠭ ᠲᠤᠨᠢ ᠳᠤᠬᠢᠷᠠᠭᠤᠯᠤᠨ ᠲᠣᠬᠢᠷᠡᠭᠤᠯᠥᠯᠳᠡ ᠬᠢᠨ᠎ᠠ᠃                         ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠠ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号