6 ᠳ᠋ᠤᠭᠠᠷ ᠰᠠᠷ᠎ᠠ ᠶᠢᠨ 10 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠤᠷᠢᠨᠬᠡᠷ ᠰᠢᠶᠠᠨ ᠤ ᠰᠢ ᠭᠸᠤ ᠮᠧᠨ | ᠨᠡᠬᠦᠳᠡᠯ ᠠᠷᠠᠳ ᠤᠨ ᠰᠢᠨ᠎ᠡ ᠳᠤᠰᠬᠤᠨ ᠳᠠᠬᠢ ᠮᠤᠳᠤᠨ ᠡᠳ᠋ᠯᠡᠯ ᠪᠤᠯᠪᠠᠰᠤᠷᠠᠭᠤᠯᠬᠤ ᠦᠢᠯᠡᠳᠪᠦᠷᠢ ᠶᠢᠨ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ ᠤᠨ ᠳᠤᠬᠠᠢ ᠬᠦᠬᠡᠬᠤᠳᠠ ᠶᠢᠨ ᠨᠠᠮ ᠤᠨ ᠬᠤᠷᠢᠶ᠎ᠠ᠂ | ᠵᠠᠰᠠᠬ ᠤᠨ ᠤᠷᠳᠤᠨ ᠳᠤ ᠴᠤᠬᠤᠯᠠᠪᠤᠷᠢ ᠦᠭᠴᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠤᠯᠤᠰ ᠳᠦᠷᠦ ᠶᠢᠨ ᠡᠬᠦᠷᠬᠡ᠂ | ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠴᠢᠬᠤᠯᠠ ᠶᠡᠭᠡ ᠬᠦᠭᠵᠢᠯᠳᠠ ᠶᠢᠨ ᠠᠰᠠᠭᠤᠳᠠᠯ | ᠪᠤᠯᠭᠠᠵᠤ᠂ ᠰᠦᠷ ᠬᠦᠴᠦᠳᠤ ᠪᠠᠶᠢᠳᠠᠯ ᠢ ᠠᠰᠢᠬᠯᠠᠵᠤ᠂ ᠰᠢᠨᠲᠠᠷᠠᠰᠢ ᠦᠭᠡᠢ ᠵᠣᠷᠢᠭᠯᠠᠵᠤ᠂ ᠦᠨᠡᠨ ᠬᠦ ᠠᠳᠬᠤᠨ | ᠪᠤᠳᠠᠳᠠᠢ ᠠᠵᠢᠯᠯᠠᠵᠥ᠂ ᠠᠮᠢ ᠠᠬᠤᠢ ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠳᠡᠢ ᠬᠡᠵᠥ ᠱᠠᠭᠠᠷᠳᠠᠪᠠ᠃ | ᠴᠤᠬᠤᠯᠠᠪᠤᠷᠢ ᠳᠤ᠂ ᠬᠦᠬᠡᠬᠤᠳᠠ ᠶᠢᠨ ᠬᠤᠷᠢᠨᠬᠡᠷ ᠰᠢᠶᠠᠨ ᠤ ᠬᠤᠳᠠᠯ ᠬᠠᠭᠤᠷᠮᠠᠭ ᠢᠶᠠᠷ ᠴᠡᠭᠴᠡᠯᠡᠨ | ᠰᠠᠶᠢᠵᠢᠷᠠᠭᠤᠯᠤᠬᠰᠠᠨ ᠠᠰᠠᠭᠤᠳᠠᠯ ᠤᠨ ᠰᠢᠨᠵᠢ ᠴᠢᠨᠠᠷ ᠬᠦᠨᠳᠤ ᠨᠣᠴᠢᠲᠠᠢ ᠪᠠᠶᠢᠵᠥ᠂ ᠳᠦᠢᠯ ᠤᠨ ᠮᠠᠭᠤ ᠨᠦᠯᠦᠬᠡ | ᠭᠠᠷᠭᠠᠵᠠᠢ᠃ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠠᠷᠤᠢ ᠳᠦᠷᠬᠡᠨ ᠪᠠᠶᠢᠴᠠᠭᠠᠨ | ᠰᠢᠢᠳᠪᠦᠷᠢᠯᠡᠵᠥ᠂ ᠬᠠᠤᠯᠢ ᠳᠤᠬᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ ᠬᠡᠵᠥ ᠵᠢᠭᠠᠵᠥ | ᠭᠠᠷᠭᠠᠪᠠ᠃ | ᠴᠤᠬᠤᠯᠠᠪᠤᠷᠢ ᠳᠤ᠂ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ | ᠶᠢᠨ ︽ᠡᠷᠬᠢᠨ ᠬᠠᠷᠠᠬᠤ︾ ᠠᠵᠢᠯ ᠨᠢ ᠮᠠᠨ ᠤ ᠤᠷᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠳᠤ | ᠬᠢᠵᠦ ᠪᠠᠶᠢᠭ᠎ᠠ ᠪᠦᠬᠦ ᠳᠠᠯ᠎ᠠ ᠶᠢᠨ ᠪᠡᠶᠡᠴᠢ ᠪᠠᠶᠢᠴᠠᠭᠠᠯᠳᠠ ᠪᠤᠯᠬᠤ ᠪᠦᠬᠡᠳ ᠪᠠᠰᠠᠴᠤ ᠪᠢᠳᠡᠨ ᠤ ︽ᠳᠦᠷᠪᠡᠨ | ᠤᠬᠠᠮᠰᠠᠷ︾ ᠢᠶᠠᠨ ᠪᠠᠳᠤ ᠪᠤᠢ ᠪᠤᠯᠭᠠᠬᠰᠠᠨ ᠡᠰᠡᠬᠦ ᠶᠢᠨ ᠴᠢᠬᠤᠯᠠ ᠰᠢᠯᠭᠠᠯᠳᠠ ᠪᠤᠯᠤᠨ᠎ᠡ᠃ ᠡᠯ᠎ᠡ ᠭᠠᠵᠠᠷ ᠤᠷᠤᠨ | ᠡᠯ᠎ᠡ ᠰᠠᠯᠠᠭ᠎ᠠ ᠮᠦᠴᠢᠷ ᠤᠳ ᠡᠷᠬᠡᠪᠰᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ | ᠤᠯᠤᠰ ᠳᠦᠷᠦ ᠶᠢᠨ ᠡᠬᠦᠷᠬᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠴᠢᠬᠤᠯᠠ ᠶᠡᠭᠡ | ᠬᠦᠭᠵᠢᠯᠳᠠ ᠶᠢᠨ ᠠᠰᠠᠭᠤᠳᠠᠯ ᠪᠤᠯᠭᠠᠵᠤ᠂ ᠰᠦᠷ ᠬᠦᠴᠦᠳᠤ ᠪᠠᠶᠢᠳᠠᠯ ᠢ ᠠᠰᠢᠬᠯᠠᠵᠥ᠂ ᠰᠢᠨᠲᠠᠷᠠᠰᠢ ᠦᠭᠡᠢ | ᠵᠣᠷᠢᠭᠯᠠᠵᠤ᠂ ᠦᠨᠡᠨᠬᠦ ᠠᠳᠬᠤᠨ ᠪᠤᠳᠠᠳᠠᠢ ᠠᠵᠢᠯᠯᠠᠵᠥ᠂ ᠠᠮᠢ ᠠᠬᠤᠢ ᠤᠷᠴᠢᠨ ᠳᠤᠭᠤᠷᠢᠨ ᠤ ᠳᠤᠪᠤᠶᠢᠮ᠎ᠠ | ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠳᠡᠢ ᠬᠡᠵᠥ ᠱᠠᠭᠠᠷᠳᠠᠵᠠᠢ᠃ |