6 ᠳ᠋ᠤᠭᠠᠷ ᠰᠠᠷ᠎ᠠ ᠶᠢᠨ 8 ᠤ ᠡᠳᠦᠷ ᠤᠨ 16 ᠴᠠᠭ ᠲᠤ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠳᠤ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠤᠶᠠᠳᠤᠭᠠᠷ ᠪᠦᠯᠦᠭ ᠤᠨ ᠬᠡᠷᠡᠭ ᠢ | ᠰᠢᠯᠵᠢᠭᠦᠯᠦᠨ ᠦᠭᠴᠤ ᠬᠥᠢᠴᠡᠳᠬᠡᠯᠬᠡᠬᠦ ᠪᠠᠷ ᠪᠤᠯᠪᠠ᠃ 6 ᠳ᠋ᠤᠭᠠᠷ ᠰᠠᠷ᠎ᠠ ᠶᠢᠨ 7 ᠤ ᠡᠳᠦᠷ ᠤᠨ 12 ᠴᠠᠭ ᠠᠴᠠ | 6 ᠳ᠋ᠤᠭᠠᠷ ᠰᠠᠷ᠎ᠠ ᠶᠢᠨ 8 ᠤ ᠡᠳᠦᠷ ᠤᠨ 12 ᠴᠠᠭ ᠪᠤᠯᠳᠠᠯ᠎ᠠ᠂ ᠰᠢᠮᠳᠠᠭᠤᠯᠤᠨ ᠪᠠᠶᠢᠴᠠᠭᠠᠬᠤ ᠳᠤᠭᠤᠢᠢᠯᠠᠩ | ᠤᠨ ᠬᠢᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠤᠶᠠᠳᠤᠭᠠᠷ ᠪᠦᠯᠦᠭ ᠤᠨ 100 ᠬᠡᠷᠡᠭ ︵ᠤᠳᠠᠰᠤ ᠪᠠᠷ | ᠢᠯᠡᠴᠢᠯᠡᠨ ᠮᠡᠳᠡᠭᠦᠯᠦᠭᠰᠡᠨ ᠬᠡᠷᠡᠭ 72᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 28︶ ᠢ ᠲᠣᠰᠴᠤ | ᠠᠪᠴᠠᠢ᠃ ᠲᠣᠰ ᠡᠳᠦᠷ ᠤᠨ 20 ᠴᠠᠭ ᠠᠴᠠ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠵᠤᠬᠢᠴᠠᠭᠤᠯᠤᠨ | ᠬᠤᠯᠪᠤᠭ᠎ᠠ ᠠᠪᠬᠤ ᠠᠵᠢᠯ ᠤᠨ ᠳᠤᠭᠤᠢᠢᠯᠠᠩ ᠠᠴᠠ ᠬᠠᠮᠢᠶ᠎ᠠ ᠪᠦᠬᠦᠢ ᠠᠶᠢᠮᠠᠭ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠳᠤ ᠪᠠᠶᠢᠴᠠᠭᠠᠨ ᠰᠢᠢᠳᠪᠦᠷᠢᠯᠡᠬᠦᠯᠬᠦ ᠪᠠᠷ ᠳᠠᠮᠵᠢᠭᠤᠯᠵᠦ ᠦᠭᠭᠦᠭᠰᠡᠨ ᠪᠦᠭᠡᠳ ᠰᠢᠢᠳᠪᠦᠷᠢᠯᠡᠬᠦ | ᠬᠠᠷᠢᠭᠤᠴᠠᠯᠭ᠎ᠠ ᠪᠤᠯᠤᠨ ᠰᠢᠢᠳᠪᠦᠷᠢᠯᠡᠬᠦ ᠴᠠᠭ ᠤᠨ ᠬᠢᠵᠠᠭᠠᠷ ᠢ ᠴᠦ ᠲᠤᠳᠤᠷᠬᠠᠢᠢᠯᠠᠪᠠ᠃ | ᠪᠤᠬᠢᠷᠳᠤᠯ ᠤᠨ ᠲᠦᠷᠤᠯ ᠬᠡᠯᠪᠡᠷᠢ ᠠᠴᠠ ᠦᠵᠡᠪᠠᠯ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ | ᠮᠡᠳᠡᠭᠦᠯᠦᠭᠰᠡᠨ ᠨᠢ ᠭᠤᠤᠯᠳᠠᠭᠤ ᠠᠭᠠᠷ ᠮᠠᠨᠳᠠᠯ᠂ ᠤᠰᠤ᠂ ᠭᠦᠷᠤᠰᠤ ᠰᠢᠷᠤᠢ᠂ ᠰᠠᠴᠤᠷᠠᠭ᠂ ᠦᠢᠮᠡᠭᠡᠨ ᠱᠤᠤᠬᠢᠶᠠᠨ᠂ | ᠠᠮᠢ ᠠᠬᠤᠢ ᠵᠡᠷᠭᠡ ᠲᠠᠯ᠎ᠠ ᠳᠤ ᠬᠤᠯᠪᠤᠬᠳᠠᠵᠡᠢ᠃ | ᠤᠷᠤᠨ ᠪᠦᠰᠠ ᠶᠢᠨ ᠲᠠᠷᠬᠠᠯᠳᠠ ᠠᠴᠠ ᠦᠵᠡᠪᠠᠯ᠂ ᠬᠦᠭᠡᠬᠤᠳᠠ ᠶᠢᠨ 19 ᠬᠡᠷᠡᠭ᠂ ᠤᠯᠠᠭᠠᠨᠬᠠᠳᠠ ᠬᠤᠳᠠ | ᠶᠢᠨ 18 ᠬᠡᠷᠡᠭ᠂ ᠪᠤᠭᠤᠳᠤ ᠬᠤᠳᠠ ᠶᠢᠨ16 ᠬᠡᠷᠡᠭ᠂ ᠤᠷᠳᠤᠰ ᠬᠤᠳᠠ ᠶᠢᠨ 10 ᠬᠡᠷᠡᠭ᠂ ᠲᠦᠡᠭᠯᠢᠶᠤᠤ ᠬᠤᠳᠠ | ᠶᠢᠨ 9 ᠬᠡᠷᠡᠭ᠂ ᠰᠢᠯᠢ ᠶᠢᠨ ᠭᠤᠤᠯ ᠠᠶᠢᠮᠠᠭ ᠤᠨ 8 ᠬᠡᠷᠡᠭ᠂ ᠤᠯᠠᠭᠠᠨᠴᠠᠪ ᠬᠤᠳᠠ ᠪᠤᠯᠤᠨ ᠦᠬᠠᠢ ᠬᠤᠳᠠ ᠶᠢᠨ | 5 ᠬᠡᠷᠡᠭ᠂ ᠬᠢᠨᠭ᠍ᠭᠠᠨ ᠠᠶᠢᠮᠠᠭ ᠤᠨ 4 ᠬᠡᠷᠡᠭ᠂ ᠭᠦᠯᠤᠨ ᠪᠦᠢᠷ ᠬᠤᠳᠠ ᠶᠢᠨ 3 ᠬᠡᠷᠡᠭ᠂ ᠪᠠᠶᠠᠨᠨᠠᠭᠤᠷ ᠬᠤᠳᠠ ᠶᠢᠨ | 2 ᠬᠡᠷᠡᠭ᠂ ᠠᠯᠠᠱᠠ ᠠᠶᠢᠮᠠᠭ ᠤᠨ 1 ᠬᠡᠷᠡᠭ ᠪᠤᠢ᠃ | |