ᠯᠢ ᠵᠢᠢ ᠾᠧᠩ ᠤᠯᠠᠭᠠᠨᠴᠠᠪ ᠬᠤᠳᠠ ᠳᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠭᠦᠢᠴᠡᠳᠬᠡᠯᠭᠡᠪᠡ
ᠨᠡᠶᠢᠲᠡᠯᠡᠭᠰᠡᠨ ᠴᠠᠭ᠄
2018-06-12
     6 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤᠨ ᠤ ᠦᠪᠦᠷ ᠮᠤᠩᠭᠤᠯ ᠤᠨ ᠮᠧᠩ ᠸᠧᠢ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠳᠤ ᠢᠷᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠬᠢᠯᠭᠡᠵᠦ᠂ ᠠᠵᠤ ᠠᠬᠤᠶᠢᠯᠠᠯ ᠤᠨ ᠮᠧᠬᠠᠨᠢᠭ ᠲᠤᠩᠭᠠᠬᠤ ᠴᠦᠭᠦᠷᠦᠮ ᠢ ᠪᠠᠶᠢᠴᠠᠭᠠᠨ ᠦᠵᠡᠵᠤ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠷᠭ᠎ᠠ  ᠬᠢᠳᠡᠯ ᠪᠠ ᠦᠷ᠎ᠡ ᠪᠦᠲᠦᠮᠵᠢ ᠶᠢ ᠨᠠᠷᠢᠯᠢᠬ ᠣᠶᠢᠯᠠᠭᠠᠵᠤ ᠪᠠᠶᠢᠭ᠎ᠠ ᠨᠢ᠃      11᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤ ᠳᠤ ᠬᠦᠨᠵᠡᠭᠡᠶᠢᠷᠡᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠭᠦᠢᠴᠡᠳᠬᠡᠯᠭᠡᠪᠡ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠲᠣᠬᠠᠢ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠢᠩᠭ᠎ᠠ ᠪᠤᠳᠠᠳᠠᠢ ᠪᠦᠭᠡᠳ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠯᠠᠪᠳᠠᠭᠤᠨ ᠪᠠᠳᠤᠳᠠᠢ ᠤᠷᠤᠬᠰᠢ ᠠᠬᠢᠭᠤᠯᠬᠤ ᠬᠡᠷᠡᠭᠳᠡᠢ ᠭᠡᠵᠡᠢ᠃      ᠦᠪᠦᠷ ᠮᠤᠩᠭᠤᠯ ᠤᠨ ᠮᠧᠩ ᠸᠧᠢ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠤᠷᠴᠢᠨ ᠲᠤᠭᠤᠷᠢᠨ ᠤ ᠠᠰᠠᠭᠤᠳᠠᠯ ᠪᠤᠯ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠮᠠᠨ ᠤ ᠤᠷᠤᠨ ᠳᠤ ᠲᠤᠰᠢᠶᠠᠬᠰᠠᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠤᠨ ᠨᠢᠭᠡ ᠪᠤᠯᠤᠨ᠎ᠠ᠂ ᠲᠤᠬᠠᠢ ᠶᠢᠨ ᠭᠠᠵᠠᠷ ᠤᠨ ᠤᠯᠠᠨ ᠲᠦᠮᠡᠨ ᠲᠤᠰ ᠠᠵᠤ ᠠᠬᠤᠶᠢᠯᠠᠯ ᠎ ᠤᠨ ᠬᠡᠳᠦᠷᠡᠳᠡᠯ᠎ᠠ ᠮᠠᠯᠳᠠᠬᠰᠠᠨ᠂ ᠭᠠᠵᠠᠷ ᠲᠤᠤᠷᠠᠬᠢ ᠤᠰᠤ ᠶᠢ ᠪᠤᠬᠢᠷᠳᠦᠭᠤᠯᠤᠬᠰᠠᠨ ᠪᠠ ᠬᠠᠶᠠᠬᠳᠠᠮᠠᠯ ᠬᠡᠢ ᠬᠠᠶᠠᠬᠳᠠᠮᠠᠯ ᠪᠤᠳᠠᠰ ᠢᠶᠠᠷ ᠤᠷᠴᠢᠨ ᠲᠤᠭᠤᠷᠢᠨ ᠢ ᠪᠤᠬᠢᠷᠳᠦᠭᠤᠯᠤᠬᠰᠠᠨ ᠵᠡᠷᠭᠡ ᠠᠰᠠᠭᠤᠳᠠᠯ ᠳᠤ ᠮᠠᠰᠢ ᠶᠡᠭᠡ ᠰᠠᠨᠠᠯ ᠲᠠᠢ ᠪᠠᠶᠢᠨ᠎ᠠ᠃ ᠯᠢ ᠵᠢᠢ ᠾᠧᠩ ᠲᠤᠰ ᠬᠡᠷᠡᠭ ᠢ ᠲᠡᠭᠡᠳᠦ ᠬᠡᠮᠵᠢᠶ᠎ᠠ ᠪᠠᠷ ᠬᠥᠨᠳᠦᠳᠬᠡᠨ ᠦᠵᠡᠵᠦ᠂ ᠲᠤᠰᠬᠠᠶᠢᠯᠠᠨ ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠬᠦᠷᠴᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠰᠠᠭᠤᠳᠠᠯ ᠎ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠬᠢᠯᠭᠡᠵᠦ᠂ ᠠᠷᠠᠳ ᠤᠯᠠᠨ ᠤ ᠠᠩᠬᠠᠷᠤᠯ ᠬᠠᠯᠠᠮᠵᠢᠯᠠᠯ ᠢ ᠴᠠᠭ ᠲᠤᠬᠠᠢ ᠳᠤᠨᠢ ᠬᠠᠷᠢᠭᠤ ᠲᠤᠰᠬᠠᠵᠠᠢ᠃      ᠯᠢ ᠵᠢᠢ ᠾᠧᠩ ᠦᠢᠯᠡᠳᠪᠦᠷᠢᠯᠡᠯ ᠤᠨ ᠲᠤᠭᠤᠷᠢᠭ ᠢᠶᠠᠷ ᠲᠤᠭᠤᠷᠢᠨ ᠪᠠᠶᠢᠴᠠᠭᠠᠵᠤ᠂ᠬᠠᠷᠢᠭᠤ ᠮᠡᠳᠡᠭᠦᠯᠦᠯᠳᠡ ᠶᠢ ᠰᠤᠨᠤᠰᠴᠤ᠂ ᠠᠵᠤ ᠠᠬᠤᠶᠢᠯᠠᠯ ᠤᠨ ᠮᠧᠬᠠᠨᠢᠭ ᠲᠤᠩᠭᠠᠬᠤ ᠴᠦᠭᠦᠷᠦᠮ ᠢ ᠪᠠᠶᠢᠴᠠᠭᠠᠨ ᠦᠵᠡᠵᠤ᠂ ᠤᠷᠴᠢᠨ ᠲᠤᠭᠤᠷᠢᠨ ᠤ ᠠᠰᠠᠭᠤᠳᠠᠯ ᠡᠭᠦᠰᠦᠭᠰᠡᠨ ᠰᠢᠯᠳᠠᠭᠠᠨ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠢᠳᠡᠯ ᠎ ᠢ ᠨᠢ ᠨᠠᠷᠢᠯᠢᠭ ᠠᠰᠠᠭᠤᠨ ᠯᠠᠪᠯᠠᠵᠤ᠂ ᠴᠡᠭᠴᠡᠯᠡᠨ ᠰᠠᠶᠢᠵᠢᠷᠠᠭᠤᠯᠤᠬᠰᠠᠨ ᠦᠷ᠎ᠠ ᠪᠦᠳᠦᠮᠵᠢ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠪᠠ᠃ ᠠᠵᠤ ᠠᠬᠤᠶᠢᠯᠠᠯ ᠨᠢ ᠬᠡᠳᠦᠶᠢᠪᠡᠷ ᠪᠤᠯᠪᠠᠰᠤᠷᠠᠭᠤᠯᠤᠨ ᠰᠢᠩᠬᠡᠭᠡᠭᠦ᠂ ᠬᠠᠶᠠᠬᠳᠠᠮᠠᠯ ᠪᠤᠳᠠᠰ ᠢ ᠡᠷᠳᠡᠨᠢ ᠪᠤᠯᠭᠠᠨ ᠬᠤᠪᠢᠷᠠᠭᠤᠯᠬᠤ ᠵᠡᠷᠭᠡ ᠶᠡᠷᠦᠩᠬᠡᠶᠢᠯᠡᠨ ᠴᠡᠭᠴᠡᠯᠡᠨ ᠵᠠᠰᠠᠬᠤ ᠠᠷᠭ᠎ᠠ ᠬᠢᠳᠡᠯ ᠠᠪᠤᠬᠰᠠᠨ ᠴᠤ ᠴᠡᠭᠴᠡᠯᠡᠨ ᠰᠠᠶᠢᠵᠢᠷᠠᠭᠤᠯᠤᠯᠳᠠ ᠲᠡᠶᠢᠮᠦ ᠲᠦᠢᠯᠪᠤᠷᠢᠳᠠᠢ ᠪᠢᠰᠢ᠂ ᠠᠰᠠᠭᠤᠳᠠᠯ ᠨᠢ ᠮᠦᠨᠭᠦ ᠲᠤᠪᠤᠶᠢᠮ᠎ᠠ ᠪᠠᠶᠢᠬᠤ ᠶᠢ ᠤᠯᠵᠤ ᠮᠡᠳᠡᠭᠡᠳ ᠯᠢ ᠵᠢᠢ ᠾᠧᠩ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠪᠤᠯ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠦᠷᠳᠡᠭᠡᠨ ᠪᠠᠰᠠ ᠴᠢᠬᠤᠯᠠ ᠶᠡᠭᠡ ᠨᠡᠶᠢᠭᠡᠮ ᠤᠨ ᠠᠰᠠᠭᠤᠳᠠᠯ ᠪᠤᠯᠤᠨ᠎ᠠ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠠᠵᠤ ᠠᠬᠤᠶᠢᠯᠠᠯ ᠵᠠᠪᠠᠯ ᠦᠨᠡᠨᠭᠦ ᠠᠳᠬᠤᠨ ᠦᠨᠡᠨᠭᠦ ᠰᠠᠶᠢᠵᠢᠷᠠᠭᠤᠯᠵᠤ᠂ ᠨᠠᠮ ᠤᠨ ᠬᠤᠷᠢᠶ᠎ᠠ ᠵᠠᠰᠠᠭ ᠤᠨ ᠤᠷᠳᠤᠨ ᠵᠠᠪᠠᠯ ᠦᠨᠡᠨᠭᠦ ᠰᠢᠮᠳᠠᠭᠤᠯᠤᠨ ᠦᠨᠡᠨᠭᠦ ᠪᠠᠶᠢᠴᠠᠭᠠᠵᠤ᠂ ᠬᠠᠤᠯᠢ ᠬᠡᠷᠡᠭᠵᠢᠭᠦᠯᠭᠦ ᠰᠠᠯᠠᠭ᠎ᠠ ᠮᠦᠴᠢᠷ ᠵᠠᠪᠠᠯ ᠦᠨᠡᠡᠭᠦ ᠬᠢᠨᠠᠨ ᠪᠠᠶᠢᠴᠠᠭᠠᠵᠤ ᠦᠨᠡᠡᠭᠦ ᠬᠠᠮᠢᠶᠠᠷᠴᠤ᠂ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠡᠷᠡᠰ ᠪᠠᠳᠤ᠂ ᠲᠠᠷᠤᠢ ᠲᠦᠷᠭᠡᠨ᠂ ᠪᠦᠬᠦ ᠲᠠᠯ᠎ᠠ ᠪᠠᠷ ᠰᠠᠶᠢᠳᠤᠷ ᠠᠳᠬᠤᠬᠤ ᠬᠡᠷᠡᠭᠳᠠᠢ᠂ ᠬᠦᠯᠢᠶᠡᠵᠤ ᠲᠠᠳᠠᠭᠠᠯᠵᠠᠵᠤ ᠪᠤᠯᠬᠤ ᠦᠭᠡᠢ᠂ ᠤᠳᠠᠭᠠᠰᠢᠷᠠᠭᠤᠯᠵᠤ ᠪᠤᠯᠬᠤ ᠦᠭᠡᠢ᠂ ᠠᠵᠠ ᠵᠡᠪᠰᠢᠶᠠᠨ ᠡᠷᠢᠵᠤ ᠪᠤᠯᠬᠤ ᠦᠭᠡᠢ᠂ ᠨᠡᠩ ᠴᠤ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠵᠤ᠂ ᠦᠩᠭᠡᠨ ᠲᠡᠳᠦᠢ ᠴᠡᠭᠴᠡᠯᠡᠨ ᠰᠠᠶᠢᠵᠢᠷᠠᠭᠤᠯᠵᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠵᠤ ᠪᠤᠯᠬᠤ ᠦᠭᠡᠢ᠂  ᠲᠡᠶᠢᠮᠦ ᠪᠢᠰᠢ ᠪᠣᠯ ᠴᠦᠮ ᠬᠠᠤᠯᠢ ᠲᠤᠬᠳᠠᠭᠠᠯ ᠶᠤᠰᠤᠭᠠᠷ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭᠳᠡᠢ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠤᠯᠠᠨ ᠲᠦᠮᠡᠨ ᠤ  ᠤᠷᠤᠯᠴᠠᠬᠤ ᠪᠠ ᠬᠢᠨᠠᠯᠳᠠ ᠲᠠᠯᠪᠢᠬᠤ ᠶᠢ ᠬᠦᠢᠴᠡᠳ ᠲᠠᠶᠢᠴᠢᠯᠠᠨ᠂ ᠪᠤᠬᠢᠷᠳᠦᠯ ᠢ ᠵᠠᠰᠠᠬᠤ ᠠᠷᠠᠳ ᠤᠨ ᠲᠠᠶᠢᠯᠠᠯᠳᠤᠭᠠᠨ ᠢ ᠰᠠᠶᠢᠳᠤᠷ ᠬᠢᠭᠦ ᠬᠡᠷᠡᠭᠳᠡᠢ ᠬᠡᠵᠤ ᠡᠷᠡᠰ ᠴᠢᠩᠭ᠎ᠠ ᠪᠠᠷ ᠵᠢᠭᠠᠵᠤ ᠭᠠᠷᠭᠠᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠤᠷᠴᠢᠨ ᠲᠤᠭᠤᠷᠢᠨ ᠢ ᠬᠠᠮᠠᠭᠠᠯᠠᠬᠤ ᠪᠤᠯ ᠠᠵᠤ ᠠᠬᠤᠶᠢᠯᠠᠯ ᠤᠨ ᠠᠮᠢᠨ ᠰᠤᠳᠠᠰᠤ ᠪᠤᠯᠤᠨ᠎ᠠ᠂ ᠤᠷᠴᠢᠨ ᠲᠤᠭᠤᠷᠢᠨ ᠤ ᠬᠠᠮᠠᠭᠠᠯᠠᠯᠳᠠ ᠪᠠᠷᠢᠮᠵᠢᠶ᠎ᠠ ᠳᠤ ᠬᠦᠷᠭᠦ ᠪᠤᠯ ᠠᠵᠤ ᠠᠬᠤᠶᠢᠯᠠᠯ ᠎ ᠤᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠭᠦ ᠴᠢᠬᠤᠯᠠ ᠤᠷᠢᠳᠠᠯ ᠮᠦᠨ᠂ ᠡᠯ᠎ᠠ ᠲᠦᠷᠦᠯ ᠤᠨ ᠠᠵᠤ ᠠᠬᠤᠶᠢᠯᠠᠯ ᠤᠳ ᠴᠦᠮ ᠪᠤᠬᠢᠷᠳᠦᠯ ᠦᠭᠡᠢ ᠬᠦᠭᠵᠢᠯᠳᠡ ᠶᠢ ᠪᠠᠷᠢᠮᠳᠠᠯᠠᠨ᠂ ᠤᠷᠴᠢᠨ ᠲᠤᠭᠤᠷᠢᠨ ᠢ ᠬᠠᠮᠠᠭᠠᠯᠠᠬᠤ ᠪᠡᠯᠡ ᠤᠷᠤᠭᠤᠯᠤᠯᠳᠠ ᠪᠠᠨ ᠨᠡᠮᠡᠭᠳᠡᠭᠦᠯᠬᠦ ᠬᠡᠷᠡᠭᠲᠡᠢ᠂ ᠶᠠᠭᠠᠬᠢᠬᠰᠠᠨ ᠴᠤ ᠠᠵᠤ ᠠᠬᠤᠢ ᠶᠢᠨ ᠦᠷ᠎ᠠ ᠠᠰᠢᠭ ᠢ ᠯᠡ ᠬᠥᠭᠡᠭᠡᠴᠡᠯᠳᠦᠭᠡᠳ ᠠᠮᠢ ᠠᠬᠤᠢ ᠤᠷᠴᠢᠨ ᠲᠤᠭᠤᠷᠢᠨ ᠢ ᠡᠪᠳᠡᠵᠤ ᠪᠤᠯᠬᠤ ᠦᠭᠡᠢ᠃ ᠬᠠᠷᠢᠭᠤᠴᠠᠯᠭ᠎ᠠ ᠲᠠᠢ᠂ ᠰᠠᠨᠠᠭ᠎ᠠ ᠰᠠᠶᠢᠲᠠᠢ᠂ ᠲᠤᠬᠳᠠᠪᠤᠷᠢ ᠲᠠᠢ ᠠᠯᠤᠰ ᠢᠷᠡᠭᠡᠳᠦᠢ ᠲᠠᠢ ᠠᠵᠤ ᠠᠬᠤᠶᠢᠯᠠᠯ ᠪᠤᠯᠵᠤ᠂ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠦᠵᠡᠰᠭᠦᠯᠡᠩᠳᠦ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠭᠡᠵᠡᠢ᠃      ᠯᠢ ᠵᠢᠢ ᠾᠧᠩ ᠬᠠᠮᠳᠤ ᠶᠠᠪᠤᠭ᠎ᠠ ᠺᠠᠳ᠋ᠷᠴᠤᠳ ᠲᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠪᠤᠯ ᠲᠤᠮᠤ ᠲᠠᠶᠢᠯᠠᠯᠳᠤᠭᠠᠨ᠂ ᠬᠠᠳᠠᠭᠤ ᠲᠠᠶᠢᠯᠠᠯᠳᠤᠭᠠᠨ᠂ ᠬᠠᠳᠠᠭᠤᠵᠢᠯᠳᠠᠢ ᠲᠠᠶᠢᠯᠠᠯᠳᠤᠭᠠᠨ ᠪᠤᠯᠤᠨ᠎ᠠ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠯ ᠬᠢᠭᠡᠳ ᠵᠢᠳᠭᠦᠯ ᠴᠢᠷᠮᠠᠶᠢᠯᠭ᠎ᠠ ᠶᠢ ᠰᠢᠯᠭᠠᠵᠤ ᠪᠠᠶᠢᠬᠤ ᠪᠦᠭᠡᠳ ᠺᠠᠳ᠋ᠷ ᠤᠨ ᠴᠢᠳᠠᠪᠤᠷᠢ ᠬᠢᠭᠡᠳ ᠰᠤᠷᠳᠠᠯ ᠢ ᠰᠢᠯᠭᠠᠵᠤ ᠪᠠᠶᠢᠨ᠎ᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠷᠠᠳᠤᠬᠰᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠪᠠ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠬᠡᠷᠡᠮ ᠢ ᠴᠤᠬᠴᠠᠯᠠᠬᠤ ᠴᠢᠬᠤᠯᠠ ᠱᠠᠭᠠᠷᠳᠠᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠮᠦᠷᠦᠨ ᠳᠡᠭᠡᠨ ᠡᠭᠦᠷᠭᠡᠯᠡᠨ᠂ ᠠᠵᠢᠯ ᠤᠨ ᠪᠠᠶᠢᠷᠢᠯᠠᠭᠤᠯᠤᠯᠳᠠ ᠪᠤᠯᠤᠨ ᠪᠤᠳᠠᠳᠠᠢ ᠠᠵᠢᠯᠯᠠᠭ᠎ᠠ ᠲᠤᠮᠳᠠ ᠪᠠᠨ ᠨᠡᠶᠢᠳᠡᠪᠦᠷᠢᠵᠢᠭᠤᠯᠵᠤ᠂ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ ᠠᠵᠢᠯ ᠢᠶᠠᠨ ᠰᠠᠶᠢᠳᠤᠷ ᠬᠢᠵᠤ᠂ ᠰᠡᠷᠬᠡᠭ ᠢᠶᠠᠷ ᠠᠰᠠᠭᠤᠳᠠᠯ ᠢ ᠢᠯᠡᠷᠡᠭᠦᠯᠦᠨ᠂ ᠰᠢᠨᠲᠠᠷᠠᠰᠢ ᠦᠭᠡᠢ ᠵᠣᠷᠢᠭᠯᠠᠵᠤ᠂ ᠴᠢᠳᠠᠮᠠᠭᠠᠢ ᠪᠠᠷ ᠶᠡᠷᠦᠩᠬᠡᠶᠢᠯᠡᠨ ᠵᠠᠰᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠤᠯᠵᠤ᠂ ᠦᠪᠦᠷ ᠮᠤᠩᠭᠤᠯ ᠢᠶᠠᠨ ᠤᠬᠳᠠᠷᠭᠤᠢ ᠨᠢ ᠨᠡᠩ ᠬᠦᠭᠡ᠂ ᠠᠭᠤᠯᠠ ᠨᠢ ᠨᠡᠩ ᠬᠦᠬᠡᠮᠳᠦᠭ᠂ ᠤᠰᠤ ᠨᠢ ᠨᠡᠩ ᠴᠡᠩᠭᠡᠭ᠂ ᠠᠭᠠᠷ ᠨᠢ ᠨᠡᠩ ᠴᠡᠪᠡᠷ᠂ ᠠᠷᠠᠳ ᠨᠢ ᠨᠡᠩ ᠪᠠᠶᠠᠰᠤᠯ ᠲᠠᠢ ᠪᠤᠯᠭᠠᠬᠤ ᠬᠡᠷᠡᠭᠳᠡᠢ ᠬᠡᠵᠤ ᠬᠦᠨ ᠰᠡᠳᠬᠢᠯᠭᠡ ᠲᠠᠢ ᠬᠡᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号