6 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠡᠭᠡ ᠳ᠋ᠠᠶᠢᠲ᠋ᠠ ᠶᠢᠨ ᠬᠥᠭᠵᠢᠯᠲᠡ | ᠬᠠᠮᠢᠶᠠᠷᠤᠯᠲᠠ ᠶᠢᠨ ᠲᠣᠪᠴᠢᠶ᠎ᠠ᠂ ᠬᠤᠸᠠ ᠸᠧᠶ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠨ᠋ᠵᠧᠨ ᠬᠤᠲᠠ ᠶᠢᠨ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠤᠶᠤᠨᠲᠤ ᠮᠡᠷᠭᠡᠵᠢᠯ ᠤᠨ ᠬᠡᠷᠡᠭᠯᠡᠭᠡᠨ ᠤ ᠨᠡᠶᠢᠭᠡᠮᠯᠢᠭ ᠤᠨ | ᠬᠠᠮᠲᠤᠷᠠᠨ ᠡᠷᠭᠢᠯᠡᠭᠰᠡᠨ ︽2018 ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠶᠯᠡᠰ ᠤᠨ | ᠱᠧᠨ᠋ᠵᠧᠨ ᠳᠠᠬᠢ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ︾ ᠱᠧᠨ᠋ᠵᠧᠨ ᠬᠤᠳᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ 200 ᠭᠠᠷᠤᠶ ᠠᠵᠤ ᠠᠬᠤᠶᠢᠯᠠᠯ ᠬᠤᠷᠠᠯ ᠳᠤ | ᠣᠷᠣᠯᠴᠠᠭᠰᠠᠨ ᠪᠠᠶᠢᠨ᠎ᠠ᠃ ᠬᠤᠷᠠᠯ ᠳᠡᠭᠡᠷ᠎ᠡ ᠬᠠᠮᠲᠤᠷᠠᠨ ᠠᠵᠢᠯᠯᠠᠬᠤ ᠵᠥᠪᠯᠡᠯᠴᠡᠭᠡᠷ ᠤᠨ ᠨᠡᠶᠢᠲᠡ 10 ᠲᠦᠷᠦᠯ | ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠶ ᠥᠷᠲᠡᠭ ᠨᠢ 54 ᠳ᠋ᠦᠩᠰᠢᠭᠤᠷ ᠲᠥᠭᠦᠷᠢᠭ | ᠲᠤ ᠬᠦᠷᠴᠡᠶ᠃ ᠲᠤᠰ ᠤᠳᠠᠭᠠᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠨᠢ ᠥᠪᠥᠷ | ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠡᠭᠦᠯᠡᠨ ᠳᠡᠭᠡᠷᠡᠬᠢ ᠤᠮᠠᠷᠠᠲᠤ ᠶᠢᠨ ᠬᠢᠯᠢ᠂ ᠳᠤᠮᠳᠠᠳᠤ | ᠤᠯᠤᠰ ᠤᠨ ᠲᠤᠭᠠᠨ ᠤ ᠬᠥᠨᠳᠡᠶ︾ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ | ᠵᠦᠵᠢᠶᠠᠩ ᠮᠥᠷᠡᠨ ᠤ ᠭᠤᠷᠪᠠᠯᠵᠢᠨ ᠬᠤᠶᠢᠭ︾ ᠤᠨ ᠭᠠᠵᠠᠷ ᠣᠷᠣᠨ ᠤ ᠴᠢᠨᠠᠷ ᠰᠠᠶᠢᠲᠠᠶ ᠲᠦᠷᠦᠯ ᠵᠦᠢᠯ᠂ | ᠬᠥᠷᠤᠩᠭᠡ᠂ ᠴᠢᠳᠠᠪᠤᠷᠢᠲᠠᠨ ᠵᠡᠷᠭᠡ ᠶᠢ ᠤᠷᠤᠭᠤᠯᠤᠨ ᠠᠪᠴᠢᠷᠠᠬᠤ ᠳᠤ ᠢᠳᠡᠪᠬᠢ ᠦᠢᠯᠡᠳᠦᠯ ᠦᠵᠡᠭᠦᠯᠬᠦ ᠪᠤᠯᠤᠨ᠎ᠠ᠃ | ᠲᠠᠨᠢᠯᠴᠠᠭᠤᠯᠭ᠎ᠠ ᠶᠢᠨ ᠬᠤᠷᠠᠯ ᠨᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠣᠷᠴᠢᠨ | ᠨᠦᠭᠦᠴᠡᠯ᠂ ᠪᠡᠯᠡ ᠤᠷᠤᠭᠤᠯᠤᠯᠲᠠ ᠶᠢᠨ ᠤᠷᠴᠢᠨ ᠠᠬᠤᠢ ᠶᠢ ᠨᠠᠷᠢᠨ ᠲᠠᠨᠢᠯᠴᠠᠭᠤᠯᠵᠤ᠂ ᠰᠠᠭᠤᠷᠢ ᠪᠡᠯᠡᠳᠬᠡᠮᠵᠢ ᠶᠢᠨ | ᠲᠥᠷᠥᠯ᠂ ᠵᠠᠰᠠᠭ ᠤᠨ ᠣᠷᠳᠣᠨ ᠤ ᠵᠠᠰᠠᠯᠲᠠ ᠶᠢᠨ ᠲᠦᠷᠦᠯ᠂ ᠨᠡᠶᠢᠭᠡᠮ ᠤᠨ ᠠᠷᠠᠳ ᠤᠨ ᠠᠮᠢᠳᠤᠷᠠᠯ ᠤᠨ ᠲᠥᠷᠥᠯ᠂ | ᠭᠤᠣᠯᠯᠠᠬᠤ ᠠᠵᠤ ᠦᠢᠯᠡᠰ ᠤᠨ ᠲᠥᠷᠥᠯ᠂ ᠳᠡᠭᠡᠳᠦ ᠲᠠᠰ ᠤᠨ ᠡᠯᠧᠺᠲᠷᠣᠨ ᠦᠶᠯᠡᠳᠬᠦ ᠲᠦᠷᠦᠯ᠂ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠲᠥᠷᠥᠯ᠂ ᠤᠯᠠᠮᠵᠢᠯᠠᠯᠲᠤ ᠠᠵᠤ ᠦᠢᠯᠡᠰ ᠤᠨ ᠭᠦᠨ | ᠠᠭᠤᠰᠤᠯᠳᠤᠯ ᠤᠨ ᠲᠥᠷᠥᠯ ᠵᠡᠷᠭᠡ ᠲᠤᠮᠤ ᠳ᠋ᠠᠶᠢᠲ᠋ᠠ ᠶᠢᠨ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠨᠡᠶᠢᠲᠡ 99 | ᠲᠦᠷᠦᠯ ᠵᠦᠢᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠲᠦᠷᠦᠯ ᠵᠦᠢᠯ ᠢ ᠵᠣᠯᠭᠠᠯᠳᠤᠭᠤᠯᠬᠤ ᠪᠠ ᠬᠠᠮᠲᠤᠷᠠᠨ | ᠠᠵᠢᠯᠯᠠᠬᠤ ᠭᠡᠷ᠎ᠡ ᠲᠣᠭᠲᠠᠭᠰᠠᠨ ᠪᠠᠶᠢᠨ᠎ᠠ᠃ |