ᠬᠥᠬᠡᠬᠤᠲᠠ ᠶᠢᠨ ︽ᠠᠭᠠᠷ ᠬᠠᠭᠤᠷᠠᠢ ᠵᠠᠮ ᠢ ᠨᠢᠭᠡ ᠴᠣᠭᠴᠠᠵᠢᠭᠤᠯᠬᠤ ᠪᠣᠰᠤᠭ᠎ᠠ ᠴᠣᠭᠴᠠᠲᠤ︾ ᠠᠪᠤᠷᠠᠨ ᠲᠤᠰᠠᠯᠠᠬᠤ ᠰᠢᠰᠲ᠋ᠧᠮᠵᠢ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/6/12
     6 ᠳ᠋ᠤᠭᠠᠷ ᠰᠠᠷ᠎ᠠ ᠶᠢᠨ 8᠎ ᠤ ᠡᠳᠦᠷ᠂ ᠬᠥᠬᠡᠬᠤᠲᠠ ᠶᠢᠨ 120 ᠡᠮᠴᠢᠯᠡᠭᠡᠨ ᠤ ᠲᠦᠷᠭᠡᠨ ᠠᠪᠤᠷᠠᠬᠤ ᠵᠢᠯᠣᠭᠤᠳᠬᠤ ᠲᠥᠪ ᠪᠣᠯᠤᠨ ᠪᠡᠭᠡᠵᠢᠩ ᠤᠨ ᠲᠦᠷᠭᠡᠨ ᠠᠪᠦᠷᠡᠬᠤ ᠲᠥᠪ ᠬᠥᠬᠡᠬᠤᠲᠠ ᠳᠤ ᠠᠭᠠᠷ ᠠᠶᠠᠯᠠᠯ ᠤᠨ ᠡᠮᠴᠢᠯᠡᠭᠡᠨ ᠤ ᠠᠪᠤᠷᠠᠨ ᠲᠤᠰᠠᠯᠠᠬᠤ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠪᠠ᠂ ᠡᠨᠡ ᠨᠢ ᠬᠥᠬᠡᠬᠤᠲᠠ ᠶᠢᠨ ︽ᠠᠭᠠᠷ ᠬᠠᠭᠤᠷᠠᠢ ᠵᠠᠮ ᠢ ᠨᠢᠭᠡ ᠴᠣᠭᠴᠠᠵᠢᠭᠤᠯᠬᠤ ᠪᠣᠰᠤᠭ᠎ᠠ ᠴᠣᠭᠴᠠᠲᠤ︾ ᠠᠪᠤᠷᠠᠨ ᠲᠤᠰᠠᠯᠠᠬᠤ ᠰᠢᠰᠲ᠋ᠧᠮᠵᠢ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠣᠢ᠃      ᠣᠶᠢᠯᠠᠭᠠᠭᠰᠠᠨ ᠢᠶᠠᠷ᠂ ᠬᠥᠬᠡᠬᠤᠲᠠ ᠶᠢᠨ 120 ᠡᠮᠴᠢᠯᠡᠭᠡᠨ ᠤ ᠲᠦᠷᠭᠡᠨ ᠠᠪᠤᠷᠠᠬᠤ ᠵᠢᠯᠣᠭᠤᠳᠬᠤ ᠲᠥᠪ ᠪᠣᠯ ᠬᠥᠬᠡᠬᠤᠲᠠ ᠣᠷᠣᠨ ᠤ ᠴᠣᠷ ᠤᠨ ᠭᠠᠭᠴᠠ ᠡᠮᠴᠢᠯᠡᠭᠡᠨ ᠤ ᠲᠦᠷᠭᠡᠨ ᠠᠪᠤᠷᠠᠬᠤ ᠵᠢᠯᠣᠭᠤᠳᠤᠨ ᠲᠣᠬᠢᠷᠠᠭᠤᠯᠬᠤ ᠪᠠᠶᠢᠭᠤᠯᠤᠮᠵᠢ ᠮᠦᠨ᠂ ᠣᠳᠣᠬᠠᠨ ᠳᠤ ᠰᠦᠯᠵᠢᠶᠡᠨ ᠳᠡᠭᠡᠷᠡᠬᠢ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠪᠤᠷᠠᠬᠤ ᠥᠷᠳᠡᠭᠡ 14 ᠪᠠᠶᠢᠵᠤ᠂ ᠲᠦᠷᠭᠡᠨ ᠠᠪᠤᠷᠠᠬᠤ ᠲᠡᠷᠭᠡ 31 ᠪᠣᠢ᠂ ᠵᠢᠯᠣᠭᠤᠳᠬᠤ ᠲᠥᠪ ᠨᠢ ︽ᠨᠢᠭᠡᠳᠦᠯᠲᠡᠶ ᠬᠦᠯᠢᠶᠡᠨ ᠠᠪᠬᠤ᠂ ᠨᠢᠭᠡᠳᠦᠯᠲᠡᠶ ᠵᠢᠯᠣᠭᠤᠳᠬᠤ᠂ ᠣᠶᠢᠷ᠎ᠠ ᠣᠷᠴᠢᠮ ᠳᠤᠨᠢ ᠪᠠᠴᠢᠮ ᠠᠪᠤᠷᠠᠬᠤ᠂ ᠴᠢᠳᠠᠪᠤᠷᠢ ᠲᠠᠢ ᠶᠢ ᠎ ᠨᠢ ᠲᠡᠷᠢᠭᠦᠨ ᠳᠤ ᠲᠠᠯᠪᠢᠬᠤ︾ ᠲᠦᠷᠭᠡᠨ ᠠᠪᠦᠷᠡᠬᠤ ᠠᠵᠢᠯᠯᠠᠭᠠᠨ ᠤ ᠬᠡᠪ ᠵᠠᠭᠪᠤᠷ ᠢ ᠠᠪᠴᠤ᠂ ᠬᠠᠷᠢᠶ᠎ᠠ ᠭᠠᠵᠠᠷ ᠎ ᠲᠤᠨᠢ ᠬᠠᠮᠢᠶᠠᠷᠠᠭᠤᠯᠬᠤ ᠶᠢ ᠬᠡᠷᠡᠭᠵᠢᠭᠦᠯᠵᠦ᠂ ᠬᠥᠬᠡᠬᠤᠲᠠ ᠣᠷᠣᠨ ᠤ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠪᠣᠯᠣᠨ ᠡᠮᠨᠡᠯᠭᠡ ᠶᠢᠨ ᠬᠤᠷᠢᠶᠠᠨ ᠳᠣᠲᠣᠷᠠᠬᠢ ᠡᠮᠴᠢᠯᠡᠭᠡᠨ ᠤ ᠠᠪᠤᠷᠠᠨ ᠵᠠᠰᠠᠯᠲᠠ ᠶᠢ ᠨᠢᠭᠲᠠ ᠵᠠᠯᠭᠠᠵᠤ᠂ ᠡᠮᠴᠢᠯᠡᠭᠡᠨ ᠤ ᠪᠠᠴᠢᠮ ᠠᠪᠣᠷᠠᠯᠳᠠ᠂ ᠵᠠᠮ ᠬᠠᠷᠢᠯᠴᠠᠭᠠᠨ ᠤ ᠠᠳᠡᠯ᠂ ᠪᠠᠶᠢᠭᠠᠯᠢ ᠶᠢᠨ ᠭᠠᠮᠰᠢᠭ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠪᠦᠬᠦ ᠲᠠᠯ᠎ᠠ ᠪᠠᠷ ᠠᠷᠭᠠᠴᠠᠬᠤ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠪᠠᠴᠢᠮ ᠠᠪᠤᠷᠠᠯᠲᠠ ᠶᠢᠨ ᠴᠣ ᠰᠢᠨ᠎ᠡ ᠰᠢᠰᠲ᠋ᠧᠮᠵᠢ ᠶᠢ ᠪᠦᠷᠢᠯᠳᠦᠭᠦᠯᠪᠡ᠃      ᠬᠥᠬᠡᠬᠤᠲᠠ ᠶᠢᠨ 120 ᠡᠮᠴᠢᠯᠡᠭᠡᠨ ᠤ ᠲᠦᠷᠭᠡᠨ ᠠᠪᠤᠷᠠᠬᠤ ᠵᠢᠯᠣᠭᠤᠳᠬᠤ ᠲᠥᠪ ᠪᠣᠯᠤᠨ ᠪᠡᠭᠡᠵᠢᠩ ᠤᠨ ᠲᠦᠷᠭᠡᠨ ᠠᠪᠦᠷᠡᠬᠤ ᠲᠥᠪ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠭᠠᠭᠰᠠᠨ ᠨᠢ᠂ ᠬᠥᠬᠡᠬᠤᠲᠠ ᠶᠢᠨ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠪᠠᠴᠢᠮ ᠠᠪᠤᠷᠠᠬᠤ ᠰᠢᠰᠲ᠋ᠧᠮᠵᠢ ᠶᠢᠨ ᠠᠭᠠᠷ ᠠᠶᠠᠯᠠᠯ ᠤᠨ ᠠᠪᠤᠷᠠᠨ ᠲᠤᠰᠠᠯᠠᠯᠲᠠ ᠶᠢᠨ ᠬᠤᠭᠤᠰᠣᠨ ᠢ ᠨᠥᠬᠦᠪᠦᠷᠢᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号