ᠥᠪᠥᠷ ᠮᠣᠩᠭᠤᠯ 3 ᠵᠦᠢᠯ ᠤᠨ ᠬᠡᠯᠪᠡᠷᠢ ᠪᠠᠷ ᠳᠠᠮᠵᠢᠭᠤᠯᠤᠨ ᠰᠢᠯᠭᠠᠭᠤᠯᠤᠭᠰᠠᠳ ᠲᠤ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠴᠠᠭ ᠬᠤᠭᠤᠴᠠᠭ᠎ᠠ ᠶᠢ ᠨᠢ ᠮᠡᠳᠡᠭᠳᠡᠬᠦ ᠪᠣᠯᠣᠨ᠎ᠠ
ᠨᠡᠶᠢᠲᠡᠯᠡᠭᠰᠡᠨ ᠴᠠᠭ᠄
2018/6/12
     6 ᠳ᠋ᠤᠭᠠᠷ ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠠᠯᠪᠠᠨ ᠤ ᠲᠠᠯ᠎ᠠ ᠶᠢᠨ ᠸᠢᠴᠠᠲ ᠢᠶᠠᠷ ᠳᠠᠮᠵᠢᠭᠤᠯᠤᠨ ᠮᠡᠳᠡᠭᠡ ᠨᠡᠶᠢᠲᠡᠯᠡᠵᠦ᠂ ᠲᠤᠰ ᠲᠥᠪ ᠨᠢ 3 ᠵᠦᠢᠯ ᠤᠨ ᠬᠡᠯᠪᠡᠷᠢ ᠪᠠᠷ ᠳᠠᠮᠵᠢᠭᠤᠯᠤᠨ ᠰᠢᠯᠭᠠᠭᠤᠯᠤᠭᠰᠠᠳ ᠲᠤ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠴᠠᠭ ᠬᠤᠭᠤᠴᠠᠭ᠎ᠠ ᠶᠢ ᠨᠢ ᠮᠡᠳᠡᠭᠳᠡᠬᠦ ᠪᠣᠯᠣᠨ᠎ᠠ ᠭᠡᠵᠡᠢ᠃      ᠡᠨᠡ ᠭᠤᠷᠪᠠᠨ ᠵᠦᠢᠯ ᠤᠨ ᠬᠡᠯᠪᠡᠷᠢ ᠨᠢ᠄ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠲᠤᠰᠬᠠᠶ ᠪᠤᠯᠤᠩ︾ ︵http://www.nm.zsks.cn/18gkwb/᠎ ᠢᠶᠠᠷ ᠳᠠᠮᠵᠢᠭᠤᠯᠤᠨ ᠠᠯᠪᠠᠨ ᠵᠠᠷ ᠨᠡᠶᠢᠲᠡᠯᠡᠨ᠎ᠡ︔ 10628833 ᠣᠬᠤᠷ ᠮᠡᠳᠡᠭᠡᠨ ᠤ ᠲᠠᠪᠴᠠᠩ ᠢᠶᠠᠷ ᠣᠬᠤᠷ ᠮᠡᠳᠡᠭᠡ ᠶᠢ ᠪᠥᠭᠡᠮ ᠢᠶᠠᠷ ᠲᠠᠷᠬᠠᠭᠠᠨ᠎ᠠ᠂ ᠮᠡᠳᠡᠭᠡ ᠵᠠᠩᠭᠢ ᠶᠢ ᠰᠣᠨᠢᠨ ᠮᠡᠳᠡᠭᠡᠯᠡᠯ ᠤᠨ ᠵᠠᠭᠤᠴᠢ᠂ ᠠᠶᠢᠮᠠᠭ ᠬᠤᠲᠠ ᠪᠣᠯᠤᠨ ᠬᠤᠰᠢᠭᠤ ᠰᠢᠶᠠᠨ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠠᠵᠢᠯᠲᠠᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ ᠪᠣᠯᠤᠨ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠠᠵᠢᠯ ᠤᠨ ᠬᠠᠷᠢᠯᠴᠠᠬᠤ ᠳᠤᠭᠤᠶᠢᠯᠠᠩ ᠤᠨ ᠪᠠᠭᠰᠢ ᠵᠢᠴᠢ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠦᠶ᠎ᠡ ᠳᠡᠭᠡᠨ ᠰᠢᠯᠵᠢᠮᠡᠯ ᠤᠲᠠᠰᠤᠨ ᠤ ᠨᠣᠮᠧᠷ ᠬᠠᠩᠭᠠᠭᠰᠠᠨ ︵ᠵᠥᠪᠬᠡᠨ ᠣᠷᠣᠨ ᠤ ᠳᠣᠲᠣᠭᠠᠳᠤ ᠶᠢᠨ ᠨᠣᠮᠧᠷ ᠢᠶᠠᠷ ᠬᠢᠵᠠᠭᠠᠷᠯᠠᠨ᠎ᠠ︶  ᠰᠢᠯᠭᠠᠭᠤᠯᠤᠭᠰᠠᠳ ᠲᠤ ᠨᠡᠶᠢᠲᠡᠯᠡᠨ ᠮᠡᠳᠡᠭᠳᠡᠨ᠎ᠡ︔ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ︾ ︵nmgzskszwx︶ ᠸᠢᠴᠠᠲ ᠤᠨ ᠨᠡᠶᠢᠲᠡ ᠶᠢᠨ ᠳ᠋ᠤᠭᠠᠷ ᠨᠢ ᠨᠥᠬᠦᠴᠡᠯ ᠲᠠᠢ ᠪᠠᠶᠢᠳᠠᠯ ᠤᠨ ᠳᠣᠣᠷ᠎ᠠ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠮᠡᠳᠡᠭᠡ ᠵᠠᠩᠭᠢ ᠶᠢ ᠬᠦᠷᠭᠡᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠠᠨᠠᠭᠤᠯᠬᠤ ᠨᠢ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ᠂ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠤᠯᠠᠨ ᠵᠦᠢᠯ ᠤᠨ ᠬᠡᠯᠪᠡᠷᠢ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠯᠭᠠᠭᠤᠯᠤᠭᠰᠠᠳ ᠲᠤ ᠲᠣᠭᠲᠠᠭᠰᠠᠨ ᠴᠠᠭ ᠲᠠᠭᠠᠨ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠶᠢ ᠮᠡᠳᠡᠭᠳᠡᠬᠦ ᠬᠡᠷᠡᠭᠲᠡᠶ᠃      ᠣᠶᠢᠯᠠᠭᠠᠭᠰᠠᠨ ᠢᠶᠠᠷ᠂ ᠣᠷᠣᠨ ᠤ ᠳᠣᠲᠣᠷᠠᠬᠢ ᠡᠯ᠎ᠡ ᠭᠠᠵᠠᠷ ᠤᠨ ᠬᠢᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠠᠭᠤᠳᠠᠰᠤ ᠪᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠵᠠᠯᠭᠠᠯᠳᠤᠭ᠎ᠠ ᠪᠠᠷ ᠬᠦᠷᠭᠡᠵᠦ ᠥᠭᠪᠡ᠂ ᠰᠦᠯᠵᠢᠶᠡᠨ ᠳᠡᠭᠡᠷ᠎ᠡ ᠰᠢᠯᠭᠠᠯᠲᠠ ᠬᠢᠨᠠᠬᠤ ᠠᠵᠢᠯ ᠳᠠᠷᠤᠶ ᠡᠬᠢᠯᠡᠬᠦ ᠪᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠢᠯᠭᠠᠭᠤᠯᠤᠭᠰᠠᠳ ᠤᠨ ᠭᠠᠭᠴᠠᠭᠠᠷ ᠬᠥᠷᠲᠡᠬᠦ ᠠᠰᠠᠷᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢᠨ ᠲᠤᠰᠠᠳᠠ᠄ ︽ᠬᠥᠳᠡᠯᠦᠩᠭᠦᠶ ᠪᠠᠷ ᠨᠡᠷ᠎ᠡ ᠵᠢᠭᠰᠠᠭᠠᠵᠦ ᠲᠦᠢᠯ ᠤᠨ ᠣᠨᠣᠪᠴᠢᠲᠠᠶ ᠪᠠᠷ ᠪᠠᠶᠢᠷᠢ ᠲᠣᠭᠲᠠᠭᠠᠬᠤ︾ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠳᠠᠪᠠᠭᠤᠯᠢᠭ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ 6 ᠳ᠋ᠤᠭᠠᠷ ᠰᠠᠷ᠎ᠠ ᠶᠢᠨ 23᠎ ᠤ ᠡᠳᠦᠷ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠶᠢᠨ ᠬᠠᠮᠲᠤ᠂ ᠰᠢᠯᠭᠠᠭᠤᠯᠤᠭᠴᠢ ᠨᠢᠭᠡᠪᠦᠷᠢ ᠶᠢᠨ ᠰᠢᠯᠭᠠᠭᠤᠯᠤᠭᠰᠠᠨ ᠪᠠᠶᠢᠳᠠᠯ ᠢ ᠨᠢ ᠦᠵᠡᠵᠦ 20 ᠶᠡᠭᠡ ᠳᠡᠭᠡᠳᠦ ᠰᠤᠷᠭᠠᠭᠤᠯᠢ ᠲᠠᠨᠢᠯᠴᠠᠭᠤᠯᠵᠤ᠂ ᠰᠢᠯᠭᠠᠭᠤᠯᠤᠭᠴᠢ ᠶᠢᠨ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠦᠶ᠎ᠡ ᠳᠤ ᠯᠠᠪᠯᠠᠯᠲᠠ ᠪᠣᠯᠭᠠᠨ᠎ᠠ᠃ ᠡᠭᠦᠨ ᠤ ᠬᠠᠮᠲᠤ᠂ ᠡᠯ᠎ᠡ ᠱᠠᠲᠤᠨ ᠤ ᠰᠣᠷᠣᠭᠴᠢ ᠡᠯᠰᠡᠬᠦ ᠠᠯᠪᠠᠨ ᠬᠡᠷ᠂ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠤᠯᠠᠨ ᠵᠦᠢᠯ ᠬᠡᠯᠪᠡᠷᠢ ᠪᠠᠷ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠠᠵᠢᠯ ᠤᠨ ᠪᠣᠯᠪᠠᠰᠤᠷᠠᠭᠤᠯᠤᠯ ᠪᠣᠯᠤᠨ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠰᠣᠷᠢᠯᠲᠠ ᠶᠢᠨ ᠠᠵᠢᠯᠯᠠᠭᠠᠨ ᠢ ᠥᠷᠨᠢᠭᠦᠯᠵᠦ᠂ ᠰᠢᠯᠭᠠᠭᠤᠯᠤᠭᠴᠢᠳ ᠪᠣᠯᠤᠨ ᠬᠡᠷ ᠤᠨ ᠠᠬᠠᠮᠠᠳ ᠲᠤ ᠡᠷᠡᠮᠡᠯᠵᠡᠯ ᠢᠶᠠᠨ ᠬᠡᠷᠬᠢᠨ ᠲᠠᠭᠯᠠᠨ ᠮᠡᠳᠡᠭᠦᠯᠬᠦ ᠶᠢ ᠣᠶᠢᠯᠠᠭᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号