ᠯᠢ ᠵᠢᠢ ᠾᠧᠩ᠄ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠬᠡᠷ ᠤᠨ ᠵᠠᠬᠢᠳᠠᠯ ᠢᠶᠠᠨ ᠪᠤᠯᠭᠠᠨ ᠰᠤᠷᠪᠤᠯᠵᠢᠯᠠᠷ᠎ᠠ ᠢᠷᠡᠭᠰᠡᠨ ᠤᠯᠠᠨ ᠲᠦᠮᠡᠨ ᠢ ᠬᠡᠷ ᠤᠨ ᠬᠦᠮᠦᠰ ᠢᠶᠠᠷ ᠦᠵᠡᠵᠤ ᠤᠯᠠᠨ ᠲᠦᠮᠡᠨ ᠤ ᠶᠠᠪᠤᠳᠠᠯ ᠢ ᠬᠡᠷ ᠤᠨ ᠶᠠᠪᠤᠳᠠᠯ ᠢᠶᠠᠨ ᠪᠤᠯᠭᠠᠨ ᠵᠠᠬᠢᠳᠠᠯ ᠰᠤᠷᠪᠤᠯᠵᠢᠯᠠᠯ ᠤᠨ ᠠᠵᠢᠯ ᠢ ᠬᠠᠶᠢᠷ᠎ᠠ ᠰᠡᠳᠭᠢᠯᠭᠡ ᠲᠠᠢ ᠪᠠᠷ ᠬᠦᠴᠦ ᠤᠷᠤᠭᠤᠯᠦᠨ ᠰᠠᠶᠢᠳᠤᠷ ᠬᠢᠭᠦ ᠬᠡᠷᠡᠭᠳᠡᠢ
ᠨᠡᠶᠢᠲᠡᠯᠡᠭᠰᠡᠨ ᠴᠠᠭ᠄
2018/6/13
     ᠤᠶᠢᠷ᠎ᠠ ᠶᠢᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠯᠠᠭᠠᠨᠴᠠᠪ ᠬᠤᠳᠠ ᠳᠤ ᠬᠡᠷᠡᠭ ᠲᠠᠭᠠᠭᠠᠴᠢᠯᠠᠵᠦ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠠᠷᠢᠯᠭᠠᠬᠤ ᠠᠵᠢᠯ ᠢ ᠰᠢᠮᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠯ ᠤᠨ ᠠᠵᠢᠯ ᠪᠤᠯ ᠡᠭᠦᠳᠡᠨ ᠳᠤ ᠬᠦᠷᠭᠡᠵᠤ ᠢᠷᠡᠭᠰᠡᠨ ᠤᠯᠠᠨ ᠲᠦᠮᠡᠨ ᠤ ᠠᠵᠢᠯ ᠪᠤᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠤᠯᠤᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠬᠡᠷ ᠤᠨ ᠵᠠᠬᠢᠳᠠᠯ ᠢᠶᠠᠨ ᠪᠤᠯᠭᠠᠨ᠂ ᠰᠤᠷᠪᠤᠯᠵᠢᠯᠠᠷ᠎ᠠ ᠢᠷᠡᠭᠰᠡᠨ ᠤᠯᠠᠨ ᠲᠦᠮᠡᠨ ᠢ ᠬᠡᠷ ᠤᠨ ᠬᠦᠮᠦᠰ ᠢᠶᠠᠷ ᠦᠵᠡᠵᠤ᠂ ᠤᠯᠠᠨ ᠲᠦᠮᠡᠨ ᠤ ᠶᠠᠪᠤᠳᠠᠯ ᠢ ᠬᠡᠷ ᠤᠨ ᠶᠠᠪᠤᠳᠠᠯ ᠢᠶᠠᠨ ᠪᠤᠯᠭᠠᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠶᠢᠷ᠎ᠠ ᠰᠡᠳᠭᠢᠯᠭᠡ ᠲᠠᠢ ᠪᠠᠷ ᠬᠦᠴᠦ ᠤᠷᠤᠭᠤᠯᠦᠨ ᠰᠠᠶᠢᠳᠤᠷ ᠬᠢᠭᠦ ᠬᠡᠷᠡᠭᠳᠡᠢ ᠬᠡᠪᠠ᠃      ᠨᠢᠳᠤᠨᠤᠨ ᠤ ᠡᠬᠢ ᠪᠠᠷ ᠦᠪᠡᠷᠳᠡᠭᠡᠨ ᠵᠠᠰᠠᠬᠤ ᠤᠷᠤᠨ ᠠᠴᠠ ᠨᠡᠶᠢᠭᠡᠮ ᠤᠨ ᠵᠦᠷᠢᠴᠡᠯ ᠬᠤᠷᠠᠮᠳᠤᠬᠰᠠᠨ ᠬᠡᠷᠡᠭ ᠎ ᠢ ᠰᠢᠢᠳᠪᠦᠷᠢᠯᠡᠭᠦ ︽ᠵᠠᠭᠤᠨ ᠡᠳᠦᠷ ᠤᠨ ᠰᠢᠪᠲᠤᠯᠤᠯᠲᠠ︾᠎ ᠶᠢᠨ ᠲᠤᠰᠬᠠᠢ ᠠᠵᠢᠯᠯᠠᠭ᠎ᠠ ᠥᠷᠨᠢᠭᠦᠯᠦᠭᠰᠡᠨ ᠤ ᠬᠠᠮᠳᠤ᠂ ᠮᠤᠵᠢ ᠶᠢᠨ ᠲᠡᠰ ᠤᠨ ᠤᠳᠤᠷᠢᠳᠬᠤ ᠺᠠᠳ᠋ᠷ ᠤᠨ ᠠᠶᠢᠮᠠᠭ ᠬᠤᠳᠠ ᠶᠢ ᠲᠠᠭᠠᠭᠠᠴᠢᠯᠠᠨ ᠬᠠᠷᠢᠯᠴᠠᠵᠦ ᠬᠡᠷᠡᠭ ᠲᠤ ᠴᠢᠭᠯᠡᠭᠦᠯᠦᠨ ᠰᠢᠮᠳᠠᠭᠤᠯᠤᠨ ᠪᠠᠶᠢᠴᠠᠭᠠᠬᠤ ᠲᠦᠷᠢᠮ ᠢ ᠬᠡᠷᠡᠭᠵᠢᠭᠦᠯᠵᠤ᠂ ᠨᠢᠭᠡ ᠪᠦᠯᠦᠭ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠠᠶᠢᠳᠤᠷ ᠪᠦᠳᠦᠮᠵᠢᠳᠡᠢ ᠰᠢᠢᠳᠪᠤᠷᠢᠯᠡᠪᠡ᠃ ᠡᠨᠡ ᠵᠢᠯ ᠦᠪᠡᠷᠳᠡᠭᠡᠨ ᠵᠠᠰᠠᠬᠤ ᠤᠷᠤᠨ ᠠᠴᠠ ᠮᠤᠵᠢ ᠶᠢᠨ ᠲᠡᠰ ᠤᠨ ᠤᠳᠤᠷᠢᠳᠬᠤ ᠺᠠᠳ᠋ᠷ ᠤᠨ ᠬᠡᠷᠡᠭ ᠲᠠᠭᠠᠭᠠᠴᠢᠯᠠᠨ ᠰᠢᠢᠳᠪᠦᠷᠢᠯᠡᠭᠦ ᠠᠵᠢᠯ ᠢ ᠦᠷᠭᠦᠯᠵᠢᠯᠡᠨ ᠬᠡᠷᠡᠭᠵᠢᠭᠦᠯᠵᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠤᠷᠢᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠪᠠ᠃      ᠯᠢ ᠵᠢᠢ ᠾᠧᠩ ᠵᠠᠬᠢᠳᠠᠯ ᠰᠤᠷᠪᠤᠯᠵᠢᠯᠠᠯ ᠤᠨ ᠬᠡᠷᠡᠭ ᠲᠠᠭᠠᠭᠠᠴᠢᠯᠠᠨ ᠰᠢᠢᠳᠪᠦᠷᠢᠯᠡᠭᠦ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠠᠰᠠᠭᠤᠳᠠᠯ ᠢ ᠠᠷᠢᠯᠭᠠᠬᠤ ᠠᠵᠢᠯ ᠢ ᠤᠯᠠᠨᠳᠠ ᠰᠤᠳᠤᠯᠤᠨ ᠠᠬᠢᠭᠤᠯᠵᠠᠢ᠃ ᠵᠢᠨᠢᠩ ᠲᠤᠭᠤᠷᠢᠭ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠰᠢᠩ ᠾᠧ ᠰᠢᠶᠠᠨ ᠤ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠬᠰᠠᠨ ᠤ ᠲᠠᠷᠠᠭ᠎ᠠ ᠯᠢ ᠵᠢᠢ ᠾᠧᠩ ᠵᠢᠭᠠᠵᠤ ᠭᠠᠷᠭᠠᠭᠰᠠᠨ ᠨᠢ᠂ ᠨᠠᠮ ᠤᠨ ᠲᠦᠪ ᠬᠤᠷᠢᠶ᠎ᠠ ᠠᠴᠠ ᠵᠠᠬᠢᠳᠠᠯ ᠰᠤᠷᠪᠤᠯᠵᠢᠯᠠᠯ ᠤᠨ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠶᠡᠷᠦᠩᠬᠡᠢ ᠱᠦᠵᠢ ᠰᠢ ᠶᠢᠨ ᠫᠢᠩ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠳᠤᠷ ᠬᠢᠭᠦ ᠲᠤᠬᠠᠢ ᠠᠯᠢ ᠤᠯᠠᠨ ᠴᠢᠬᠤᠯᠠ ᠦᠭᠦᠯᠡᠯᠳᠡ ᠬᠢᠵᠤ᠂ ᠪᠢᠳᠡᠨ ᠤ ᠠᠵᠢᠯ ᠢᠶᠠᠨ ᠰᠠᠶᠢᠳᠤᠷ ᠬᠢᠭᠦ ᠳᠤ ᠴᠢᠬᠤᠯᠠ ᠵᠢᠷᠤᠮᠯᠠᠯ ᠬᠠᠩᠭᠠᠨ ᠰᠢᠨᠵᠢᠯᠡᠭᠦ ᠤᠬᠠᠭᠠᠨᠴᠢ ᠠᠷᠭ᠎ᠠ ᠬᠡᠮᠵᠢᠶ᠎ᠠ ᠵᠢᠭᠠᠨ ᠦᠭᠴᠡᠢ᠃ ᠡᠯ᠎ᠠ ᠱᠠᠳᠤᠨ ᠎ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠤᠳᠤᠷᠢᠳᠬᠤ ᠺᠠᠳ᠋ᠷᠴᠤᠳ ︽ᠲᠦᠷᠪᠡᠨ ᠤᠬᠠᠮᠰᠠᠷ︾᠎ ᠢᠶᠠᠨ ᠳᠡᠭᠡᠭᠰᠢᠯᠡᠭᠦᠯᠦᠨ᠂ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠳᠡᠢ ᠪᠠᠶᠢᠵᠤ᠂ ᠢᠮᠠᠬᠳᠠ ᠠᠷᠠᠳ ᠤᠯᠠᠨ ᠢ ᠰᠡᠳᠭᠢᠯ ᠵᠢᠷᠦᠬᠡᠨ ᠲᠡᠭᠡᠨ ᠲᠡᠭᠡᠳᠤᠯᠡᠵᠤ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠤᠪᠠᠭᠤᠷᠢ ᠶᠢ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠰᠠᠶᠢᠳᠤᠷ ᠬᠢᠭᠦ ᠬᠡᠷᠡᠭᠳᠡᠢ ᠬᠡᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠠᠰᠠᠭᠤᠳᠠᠯ ᠢ ᠰᠢᠢᠳᠪᠤᠷᠢᠯᠡᠬᠦ ᠶᠢ ᠠᠬᠢᠭᠤᠯᠬᠤ ᠶᠠᠪᠤᠳᠠᠯ ᠢᠶᠠᠷ ᠵᠠᠬᠢᠳᠠᠯ ᠰᠤᠷᠪᠤᠯᠵᠢᠯᠠᠯ ᠤᠨ ᠠᠵᠢᠯ ᠤᠨ ᠦᠷ᠎ᠠ ᠪᠦᠳᠦᠮᠵᠢ ᠶᠢ ᠰᠢᠯᠭᠠᠬᠤ ᠬᠡᠮᠵᠢᠭᠦᠷ ᠪᠤᠯᠭᠠᠵᠤ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ ᠠᠵᠤ ᠠᠬᠤᠢ᠂ ᠵᠠᠰᠠᠭ ᠵᠠᠬᠢᠷᠭ᠎ᠠ ᠵᠡᠷᠭᠡ ᠤᠯᠠᠨ ᠵᠦᠢᠯ ᠤᠨ ᠠᠷᠭ᠎ᠠ ᠪᠠᠷᠢᠯ ᠪᠠ ᠰᠤᠷᠭᠠᠨ ᠬᠦᠮᠦᠵᠢᠭᠦᠯᠭᠦ᠂ ᠡᠶᠡᠳᠡᠭᠦᠯᠭᠦ᠂ ᠬᠦᠳᠦᠯᠦᠨ ᠵᠢᠯᠤᠭᠤᠳᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠶᠡᠷᠦᠩᠬᠡᠶᠢᠯᠡᠨ ᠠᠰᠢᠬᠯᠠᠵᠤ᠂ ᠡᠯ᠎ᠠ ᠲᠦᠷᠦᠯ ᠤᠨ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠯᠠᠪᠳᠠᠭᠤᠨ ᠪᠠᠳᠤᠳᠠᠢ ᠪᠦᠳᠦᠮᠵᠢᠳᠡᠢ ᠠᠷᠢᠯᠭᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠲᠤᠷᠤᠬᠰᠢ ᠪᠠᠭᠤᠨ ᠰᠤᠷᠪᠤᠯᠵᠢᠯᠠᠬᠤ ᠪᠤᠯᠵᠤᠨ ᠰᠤᠷᠪᠤᠯᠵᠢᠯᠠᠬᠤ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠦᠷᠨᠢᠭᠦᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠬᠦᠴᠢᠷᠳᠡᠯᠲᠠᠢ ᠪᠠᠶᠢᠬᠤ ᠭᠠᠵᠠᠷ ᠪᠤᠯᠤᠨ ᠵᠦᠷᠢᠴᠡᠯ ᠠᠰᠠᠭᠤᠳᠠᠯ ᠤᠯᠠᠨ ᠡᠭᠦᠰᠳᠡᠭ ᠦᠨᠳᠦᠰᠦᠨ ᠱᠠᠳᠤᠨ ᠤ ᠡᠮᠦᠨ᠎ᠡ ᠹᠷᠤᠨᠲ ᠳᠤ ᠬᠦᠨᠵᠡᠭᠡᠶᠢᠷᠡᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠭᠦ ᠬᠡᠷᠡᠭᠳᠡᠢ᠃ ᠲᠡᠷᠢᠭᠦᠨ ᠳᠤᠨᠢ ᠬᠦᠯᠢᠶᠡᠵᠤ ᠲᠡᠷᠢᠭᠦᠨ ᠳᠤᠨᠢ ᠬᠦᠢᠴᠡᠳᠭᠡᠭᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠡᠶᠢᠳᠡᠪᠦᠷᠢᠵᠢᠭᠤᠯᠵᠤ᠂ ᠬᠠᠷᠢᠶ᠎ᠠ ᠭᠠᠵᠠᠷ ᠲᠤ ᠬᠤᠯᠪᠤᠬᠳᠠᠬᠤ ᠶᠠᠪᠤᠳᠠᠯ ᠢ ᠰᠢᠢᠳᠪᠦᠷᠢᠯᠡᠭᠦ ᠡᠷᠭᠡ ᠪᠦᠬᠦᠢ ᠨᠢᠭᠡᠴᠡ ᠶᠢᠨ ᠬᠦᠢᠴᠡᠳᠭᠡᠭᠦ ᠬᠠᠷᠢᠭᠤᠴᠠᠯᠭ᠎ᠠ ᠶᠢ ᠪᠤᠳᠠᠳᠠᠶᠢᠵᠢᠭᠤᠯᠦᠨ᠂ ᠠᠰᠠᠭᠤᠳᠠᠯ ᠢ ᠦᠨᠡᠨᠭᠦ ᠴᠤᠬᠤᠶᠢᠵᠤ ᠪᠠᠶᠢᠬᠤ ᠦᠶ᠎ᠡ ᠳᠤᠨᠢ ᠰᠢᠢᠳᠪᠦᠷᠢᠯᠡᠨ ᠦᠨᠳᠦᠰᠦᠨ ᠱᠠᠳᠤᠨ ᠳᠤ ᠠᠷᠢᠯᠭᠠᠬᠤ ᠬᠡᠷᠡᠭᠳᠡᠢ ᠬᠡᠪᠠ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠡᠬᠢ ᠡᠭᠦᠰᠦᠯ ᠠᠴᠠ ᠨᠢ ᠰᠠᠶᠢᠲᠤᠷ ᠵᠠᠰᠠᠬᠤ ᠪᠤᠯ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠳᠤᠷ ᠬᠢᠭᠦ ᠦᠨᠳᠦᠰᠦᠨ ᠠᠷᠭ᠎ᠠ ᠵᠠᠮ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠ ᠴᠢᠬᠤᠯᠠ ᠶᠡᠭᠡ ᠲᠦᠷᠦᠯ ᠵᠦᠢᠯ ᠤᠨ ᠲᠣᠭᠳᠠᠭᠤᠨ ᠪᠠ ᠲᠦᠭᠰᠢᠭᠦᠷᠢ ᠶᠢ ᠦᠨᠡᠯᠡᠬᠦ ᠲᠤᠬᠳᠠᠴᠠ ᠶᠢ ᠴᠢᠩᠭ᠎ᠠ ᠨᠡᠶᠢᠳᠡᠪᠦᠷᠢᠵᠢᠭᠤᠯᠵᠤ᠂ ︽ᠲᠦᠷᠦ ᠶᠢᠨ ᠪᠤᠳᠤᠯᠭ᠎ᠠ ᠶᠢ ᠲᠤᠬᠳᠠᠭᠠᠬᠤ ᠲᠠᠢ ᠵᠡᠷᠭᠡ ᠠᠰᠠᠭᠤᠳᠠᠯ ᠲᠠᠭᠠᠯᠳᠤᠨ ᠭᠠᠷᠬᠤ︾᠎ ᠶᠢ ᠬᠤᠷᠢᠬᠯᠠᠬᠤ ᠬᠡᠷᠡᠭᠳᠡᠢ᠃ ᠬᠠᠤᠯᠢᠵᠢᠯ ᠤᠨ ᠰᠡᠳᠬᠢᠭᠦᠢ ᠪᠠᠨ ᠴᠢᠩᠭᠠᠷᠠᠭᠤᠯᠤᠨ᠂ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠰᠢᠢᠳᠪᠦᠷᠢᠳᠤ ᠪᠤᠳᠤᠯᠭ᠎ᠠ ᠲᠤᠬᠳᠠᠭᠠᠬᠤ ᠪᠠ ᠠᠰᠠᠭᠤᠳᠠᠯ ᠢ ᠰᠢᠢᠳᠪᠦᠷᠢᠯᠡᠭᠦ ᠳᠤ ᠬᠠᠤᠯᠢ ᠶᠤᠰᠤᠨ ᠳᠤ ᠨᠡᠶᠢᠴᠡᠨ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ᠂ ᠲᠤᠷ᠎ᠠ ᠵᠤᠷᠢᠭ ᠢᠶᠠᠷ ᠢᠶᠠᠨ ᠪᠤᠶᠤ ᠰᠤᠬᠤᠷ ᠪᠠᠯᠠᠢ ᠪᠠᠷ ᠬᠢᠵᠤ ᠪᠤᠯᠬᠤ ᠦᠭᠡᠢ᠃ ᠬᠠᠤᠯᠢ ᠶᠢ ᠵᠦᠷᠢᠴᠡᠨ ᠵᠠᠰᠠᠭ ᠶᠠᠪᠤᠭᠤᠯᠤᠬᠰᠠᠨ ᠠᠴᠠ ᠪᠤᠯᠤᠬᠰᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠳᠤ ᠬᠠᠤᠯᠢ ᠶᠤᠰᠤᠭᠠᠷ ᠬᠠᠷᠢᠭᠤᠴᠠᠯᠭ᠎ᠠ ᠶᠢ ᠬᠡᠳᠡᠷᠭᠦ ᠪᠠᠶᠢᠴᠠᠭᠠᠬᠤ ᠬᠡᠷᠡᠭᠳᠡᠢ ᠬᠡᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号