ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠭᠡᠷᠡᠯ ᠴᠡᠨᠡᠭ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/6/13
     ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ ᠣᠶᠢᠷ᠎ᠠ ᠳᠤ 2018 ᠣᠨ ᠤ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠮᠡᠳᠡᠭᠳᠡᠯ ᠢ ᠨᠡᠶᠢᠲᠡᠯᠡᠪᠡ᠃ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ 11᠎ ᠤ ᠡᠳᠦᠷ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ᠂ ᠮᠡᠳᠡᠭᠳᠡᠯ ᠢ ᠨᠡᠶᠢᠲᠡᠯᠡᠭᠰᠡᠨ ᠨᠢ ᠭᠡᠷᠡᠯ ᠴᠡᠨᠡᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠᠶᠢᠵᠤ᠂ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ ᠭᠡᠵᠦ ᠢᠯᠡᠷᠬᠡᠶᠢᠯᠡᠵᠡᠢ᠃      ᠭᠡᠷᠡᠯ ᠴᠡᠨᠡᠭ ᠤᠨ ᠠᠵᠤ ᠦᠢᠯᠡᠰ ᠤᠨ ᠨᠥᠬᠦᠪᠦᠷᠢ ᠶᠢᠨ ᠳᠤᠲᠠᠭᠤᠳᠠᠯ ᠪᠠ ᠭᠡᠷᠡᠯ ᠴᠡᠨᠡᠭ ᠢ ᠲᠡᠪᠴᠢᠵᠦ ᠭᠡᠷᠡᠯ ᠴᠠᠬᠢᠯᠭᠠᠨ ᠢ ᠬᠢᠵᠠᠭᠠᠷᠯᠠᠬᠤ ᠶᠢ ᠨᠠᠮᠳᠠᠭᠤᠯᠬᠤ ᠳᠤ ᠠᠰᠢᠭᠲᠠᠢ      ︽ᠣᠳᠣᠬᠠᠨ ᠤ ᠭᠡᠷᠡᠯ ᠴᠡᠨᠡᠭ ᠤᠨ ᠠᠵᠤ ᠦᠢᠯᠡᠰ ᠲᠤ ᠲᠤᠯᠭᠠᠷᠠᠵᠤ ᠪᠠᠶᠢᠭ᠎ᠠ ᠬᠦᠴᠢᠷ ᠢ ᠰᠢᠢᠳᠪᠦᠷᠢᠯᠡᠬᠦ ᠳᠤ ᠭᠠᠷᠭᠠᠬᠤ ᠦᠷᠡᠭᠳᠡᠯ ᠢ ᠬᠤᠶᠢᠰᠢᠳᠠ ᠬᠡᠢ ᠥᠰᠦᠯᠲᠡ ᠢᠯᠡᠷᠡᠭᠰᠡᠨ ᠤ ᠳᠠᠷᠠᠭ᠎ᠠ ᠳᠠᠬᠢᠨ ᠲᠣᠬᠢᠷᠠᠭᠤᠯᠤᠯᠲᠠ ᠬᠢᠬᠦ ᠳᠤ ᠭᠠᠷᠭᠠᠬᠤ ᠦᠷᠡᠭᠳᠡᠯ ᠲᠠᠢ ᠬᠠᠷᠢᠴᠠᠭᠤᠯᠪᠠᠯ ᠨᠡᠯᠢᠶᠡᠳ ᠪᠠᠭ᠎ᠠ ᠮᠥᠷᠲᠡᠭᠡᠨ ᠨᠡᠩ ᠶᠡᠭᠡ ᠠᠴᠢ ᠬᠤᠯᠪᠣᠭᠳᠠᠯ ᠲᠠᠢ ᠪᠠᠶᠢᠳᠠᠭ︾ ᠭᠡᠵᠦ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠵᠡᠢ᠃      ᠲᠡᠭᠦᠨ ᠤ ᠬᠡᠯᠡᠭᠰᠡᠨ ᠨᠢ᠂ ᠮᠡᠳᠡᠭᠳᠡᠯ ᠢ ᠨᠡᠶᠢᠲᠡᠯᠡᠭᠰᠡᠨ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠭᠡᠷᠡᠯ ᠴᠡᠨᠡᠭ ᠤᠨ ᠠᠵᠤ ᠦᠢᠯᠡᠰ ᠤᠨ ᠣᠳᠣᠬᠠᠨ ᠳᠤ ᠲᠤᠯᠭᠠᠷᠠᠵᠤ ᠪᠠᠶᠢᠭ᠎ᠠ ᠨᠥᠬᠦᠪᠦᠷᠢ ᠶᠢᠨ ᠳᠤᠲᠠᠭᠤᠳᠠᠯ ᠪᠠ ᠭᠡᠷᠡᠯ ᠴᠡᠨᠡᠭ ᠢ ᠲᠡᠪᠴᠢᠵᠦ ᠭᠡᠷᠡᠯ ᠴᠠᠬᠢᠯᠭᠠᠨ ᠢ ᠬᠢᠵᠠᠭᠠᠷᠯᠠᠵᠤ ᠪᠠᠶᠢᠭ᠎ᠠ ᠵᠡᠷᠭᠡ ᠲᠣᠪᠣᠶᠢᠮ᠎ᠠ ᠵᠥᠷᠢᠴᠡᠯ ᠢ ᠨᠠᠮᠳᠠᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠭᠡᠷᠡᠯ ᠴᠡᠨᠡᠭ ᠤᠨ ᠠᠵᠤ ᠦᠢᠯᠡᠰ ᠢ ᠬᠡᠪᠴᠢᠶ᠎ᠡ ᠶᠢᠨ ᠨᠡᠮᠡᠭᠳᠡᠯ ᠠᠴᠠ ᠴᠢᠨᠠᠷ ᠰᠠᠶᠢᠲᠠᠢ ᠬᠥᠭᠵᠢᠯᠲᠡ ᠲᠡᠶᠢᠰᠢ ᠬᠤᠪᠢᠷᠠᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠳᠠᠭ᠃ ᠡᠭᠦᠨ ᠳᠤ ᠭᠤᠣᠯᠳᠠᠭᠤ ᠳᠥᠷᠪᠡᠨ ᠲᠠᠯ᠎ᠠ ᠶᠢᠨ ᠠᠴᠢ ᠬᠤᠯᠪᠣᠭᠳᠠᠯ ᠲᠠᠢ᠃      ᠨᠢᠭᠡ ᠳᠤ᠂ ᠡᠳ᠋ ᠤᠨ ᠵᠠᠰᠠᠭ ᠤᠨ ᠨᠥᠬᠦᠪᠦᠷᠢ ᠶᠢᠨ ᠳᠠᠷᠤᠭᠠᠰᠤ ᠶᠢ ᠨᠠᠮᠳᠠᠭᠤᠯᠬᠤ ᠳᠤ ᠠᠰᠢᠭᠲᠠᠢ᠃ ᠡᠳ᠋ ᠤᠨ ᠵᠠᠰᠠᠭ ᠤᠨ ᠨᠥᠬᠦᠪᠦᠷᠢ ᠶᠢᠨ ᠳᠤᠲᠠᠭᠤᠳᠠᠯ ᠤᠨ ᠦᠷᠭᠦᠯᠵᠢᠯᠡᠨ ᠥᠷᠭᠡᠳᠴᠦ ᠪᠠᠶᠢᠭ᠎ᠠ ᠪᠣᠯ ᠣᠳᠣᠬᠠᠨ ᠤ ᠭᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯᠣᠨ᠎ᠠ᠃ ᠣᠳᠣ ᠪᠣᠯᠲᠠᠯ᠎ᠠ᠂ ᠳᠠᠬᠢᠨ ᠡᠭᠦᠰᠴᠦ ᠪᠣᠯᠬᠤ ᠡᠨᠧᠷᠭᠢ ᠢᠶᠠᠷ ᠴᠠᠬᠢᠯᠭᠠᠨ ᠭᠠᠷᠭᠠᠬᠤ ᠨᠥᠬᠦᠪᠦᠷᠢ ᠶᠢᠨ ᠳᠤᠲᠠᠭᠤᠳᠠᠯ ᠨᠢ ᠨᠢᠭᠡᠨᠲᠡ ᠨᠡᠶᠢᠲᠡ 1200 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠰᠢᠭᠤᠳ ᠨᠥᠯᠥᠭᠡᠯᠡᠵᠦ ᠪᠠᠶᠢᠨ᠎ᠠ᠃      ︽ᠬᠡᠷᠪᠡ ᠡᠶᠢᠮᠦᠷᠬᠦᠦ ᠬᠡᠪ ᠠᠴᠠ ᠳᠠᠪᠠᠭᠰᠠᠨ ᠨᠡᠮᠡᠭᠳᠡᠯ ᠨᠢ ᠦᠷᠭᠦᠯᠵᠢᠯᠡᠨ ᠥᠷᠭᠡᠳᠪᠡᠯ᠂ ᠡᠳ᠋ ᠤᠨ ᠵᠠᠰᠠᠭ ᠤᠨ ᠨᠥᠬᠦᠪᠦᠷᠢ ᠶᠢᠨ ᠳᠤᠲᠠᠭᠤᠳᠠᠯ ᠢ ᠦᠷᠭᠦᠯᠵᠢᠯᠡᠨ ᠥᠷᠭᠡᠵᠢᠭᠦᠯᠵᠦ᠂ ᠠᠵᠢᠯ ᠲᠥᠷᠥᠯ ᠤᠨ ᠬᠥᠭᠵᠢᠯᠲᠡ ᠳᠤ ᠨᠡᠩ ᠠᠰᠢᠭ ᠦᠭᠡᠢ ᠨᠥᠯᠥᠭᠡ ᠶᠢ ᠠᠪᠴᠢᠷᠠᠬᠤ ᠪᠣᠯᠣᠨ᠎ᠠ︾ ᠭᠡᠵᠦ ᠲᠡᠷᠡ ᠢᠯᠡᠷᠬᠡᠶᠢᠯᠡᠬᠦ ᠳᠤ ᠪᠠᠨ᠂ ᠨᠥᠬᠦᠪᠦᠷᠢᠯᠡᠬᠦ ᠴᠢᠬᠤᠯᠠᠲᠠᠢ ᠰᠢᠨ᠎ᠡ ᠪᠠᠷ ᠨᠡᠮᠡᠭᠳᠡᠭᠰᠡᠨ ᠪᠠᠶᠢᠭᠤᠯᠤᠯᠲᠠ ᠶᠢᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ ᠳᠣᠷᠣᠭᠰᠢᠯᠠᠭᠤᠯᠬᠤ ᠨᠢ ᠰᠢᠰᠲ᠋ᠧᠮᠲᠦ ᠴᠢᠨᠠᠷᠲᠠᠢ ᠲᠦᠭᠰᠢᠭᠦᠷᠢ ᠭᠠᠷᠬᠤ ᠠᠴᠠ ᠵᠠᠶᠢᠯᠠᠰᠬᠢᠵᠦ᠂ ᠠᠯᠤᠰ ᠬᠡᠳᠦ ᠶᠢᠨ ᠪᠠᠶᠢᠳᠠᠯ ᠠᠴᠠ ᠠᠪᠴᠤ ᠦᠵᠡᠪᠡᠯ ᠠᠵᠤ ᠦᠢᠯᠡᠰ ᠤᠨ ᠬᠥᠭᠵᠢᠯᠲᠡ ᠳᠤ ᠠᠰᠢᠭᠲᠠᠢ ᠪᠠᠶᠢᠳᠠᠭ ᠭᠡᠵᠡᠢ᠃      ᠬᠤᠶᠠᠷ ᠲᠤ᠂ ᠪᠠᠭᠲᠠᠭᠠᠨ ᠰᠢᠩᠭᠡᠭᠡᠬᠦ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ᠃ ᠨᠢᠳᠤᠨᠤᠨ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠭᠡᠷᠡᠯ ᠴᠡᠨᠡᠭ ᠢ ᠲᠡᠪᠴᠢᠭᠰᠡᠨ ᠨᠣᠷᠮ᠎ᠠ ᠨᠢ 6% ᠪᠣᠯᠲᠠᠯ᠎ᠠ ᠳᠣᠷᠣᠭᠰᠢᠯᠠᠭᠰᠠᠨ ᠪᠣᠯᠪᠠᠴᠤ ᠣᠨᠴᠠ ᠵᠠᠷᠢᠮ ᠭᠠᠵᠠᠷ ᠲᠤ ᠮᠥᠨ ᠬᠦᠨᠳᠦ ᠨᠣᠴᠢᠲᠠᠢ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠭᠡᠷᠡᠯ ᠴᠡᠨᠡᠭ ᠢ ᠲᠡᠪᠴᠢᠭᠰᠡᠨ ᠨᠣᠷᠮ᠎ᠠ ᠨᠢ 4%᠎ ᠳᠤ ᠬᠦᠷᠴᠦ᠂ ᠵᠣᠬᠢᠬᠤ ᠰᠠᠶᠢᠵᠢᠷᠠᠯᠲᠠ ᠎ ᠲᠠᠢ ᠪᠣᠯᠣᠭᠰᠠᠨ ᠪᠣᠯᠪᠠᠴᠤ ᠮᠥᠨ ᠲᠣᠭᠲᠠᠪᠤᠷᠢ ᠦᠭᠡᠢ ᠪᠠᠶᠢᠨ᠎ᠠ᠃ ᠢᠯᠠᠩᠭᠤᠶ᠎ᠠ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠮᠠᠰᠢᠨ ᠴᠣᠭᠴᠠᠯᠠᠪᠤᠷᠢ ᠶᠢᠨ ᠲᠦᠷᠭᠡᠨ ᠢᠶᠠᠷ ᠨᠡᠮᠡᠭᠳᠡᠬᠦ ᠶᠢ ᠳᠠᠭᠠᠯᠳᠤᠨ᠂ ᠵᠡᠭᠦᠨ ᠬᠡᠰᠡᠭ ᠤᠨ ᠵᠠᠷᠢᠮ ᠭᠠᠵᠠᠷ ᠣᠷᠣᠨ ᠳᠤ ᠲᠣᠣᠷ ᠰᠦᠯᠵᠢᠶ᠎ᠡ ᠲᠣᠬᠢᠷᠠᠭᠤᠯᠤᠨ ᠠᠮᠤᠷ ᠲᠦᠪᠰᠢᠨ ᠢᠶᠠᠷ ᠠᠵᠢᠯᠯᠠᠭᠤᠯᠬᠤ ᠲᠠᠯ᠎ᠠ ᠪᠠᠷ ᠰᠢᠨ᠎ᠡ ᠠᠰᠠᠭᠤᠳᠠᠯ ᠢ ᠪᠣᠢ ᠪᠣᠯᠭᠠᠪᠠ᠃ ᠬᠥᠭᠵᠢᠯᠲᠡ ᠶᠢᠨ ᠬᠥᠭ ᠢ ᠲᠣᠬᠢᠷᠠᠭᠤᠯᠬᠤ ᠨᠢ᠂ ᠭᠡᠷᠡᠯ ᠴᠡᠨᠡᠭ ᠤᠨ ᠪᠠᠭᠲᠠᠭᠠᠨ ᠰᠢᠩᠭᠡᠭᠡᠬᠦ ᠠᠰᠠᠭᠤᠳᠠᠯ ᠢ ᠰᠢᠢᠳᠪᠦᠷᠢᠯᠡᠵᠦ᠂ ᠭᠡᠷᠡᠯ ᠴᠡᠨᠡᠭ ᠢ ᠲᠡᠪᠴᠢᠬᠦ ᠶᠢ ᠪᠠᠭᠠᠰᠬᠠᠬᠤ ᠳᠤ ᠠᠰᠢᠭᠲᠠᠢ ᠪᠠᠶᠢᠳᠠᠭ᠃      ᠭᠤᠷᠪᠠ ᠳᠤ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠭᠴᠢ ᠬᠦᠴᠦᠨ ᠢ ᠬᠥᠭᠵᠢᠭᠡᠬᠦ ᠳᠤ ᠠᠰᠢᠭᠲᠠᠢ᠃ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠤ ᠨᠥᠬᠦᠪᠦᠷᠢ ᠥᠭᠬᠦ ᠡᠷᠴᠢᠮ ᠤᠨ ᠰᠤᠯᠠᠷᠠᠬᠤ ᠶᠢ ᠳᠠᠭᠠᠯᠳᠤᠨ᠂ ᠠᠵᠤ ᠠᠬᠤᠶᠢᠯᠠᠯ ᠢ ᠭᠡᠳᠡᠷᠭᠡᠨ ᠰᠢᠬᠠᠮᠳᠠᠭᠤᠯᠵᠤ ᠪᠠᠶᠢᠭᠠᠳ ᠤᠯᠤᠰ ᠤᠨ ᠲᠥᠷᠥ ᠶᠢᠨ ᠪᠣᠳᠣᠯᠭ᠎ᠠ ᠳᠤ ᠲᠦᠰᠢᠭᠯᠡᠵᠦ ᠪᠠᠶᠢᠭᠰᠠᠨ ᠠᠴᠠ ᠵᠠᠬ᠎ᠠ ᠳᠡᠯᠭᠡᠭᠦᠷ ᠲᠤ ᠨᠡᠩ ᠢᠯᠡᠭᠦᠦ ᠲᠦᠰᠢᠭᠯᠡᠬᠦ ᠲᠡᠶᠢᠰᠢ ᠬᠤᠪᠢᠷᠠᠭᠤᠯᠤᠨ᠂ ᠥᠪᠡᠷ ᠤᠨ ᠥᠷᠲᠡᠭ ᠢᠶᠠᠨ ᠪᠠᠭᠤᠷᠠᠭᠤᠯᠵᠤ ᠦᠷ᠎ᠡ ᠠᠰᠢᠭ ᠢᠶᠠᠨ ᠳᠡᠭᠡᠭᠰᠢᠯᠡᠭᠦᠯᠬᠦ ᠪᠠᠷ ᠳᠠᠮᠵᠢᠨ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠭᠡᠷᠡᠯ ᠴᠡᠨᠡᠭ ᠤᠨ ᠠᠵᠢᠯ ᠲᠥᠷᠥᠯ ᠤᠨ ᠰᠢᠯᠢᠳᠡᠭ ᠨᠢ ᠰᠢᠯᠢᠭᠳᠡᠵᠦ ᠰᠠᠭᠠᠷᠠᠤ ᠎ ᠨᠢ ᠰᠢᠭᠰᠢᠭᠳᠡᠬᠦ ᠪᠣᠯᠭᠠᠵᠤ᠂ ᠤᠬᠠᠭᠠᠯᠢᠭ ᠪᠤᠰᠤ ᠪᠠᠷ ᠥᠷᠭᠡᠳᠬᠡᠬᠦ ᠶᠢ ᠬᠤᠷᠢᠭᠯᠠᠵᠤ᠂ ᠭᠡᠷᠡᠯ ᠴᠡᠨᠡᠭ ᠤᠨ ᠠᠵᠤ ᠦᠢᠯᠡᠰ ᠤᠨ ᠪᠦᠬᠦ ᠳᠡᠯᠡᠬᠡᠢ ᠳᠤ ᠲᠦᠷᠦᠭᠦᠯᠡᠬᠦ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠳᠡᠯᠡᠬᠡᠢ ᠶᠢᠨ ᠳᠡᠰ ᠤᠨ ᠨᠢᠭᠡ ᠪᠦᠯᠦᠭ ᠭᠡᠷᠡᠯ ᠴᠡᠨᠡᠭ ᠤᠨ ᠦᠢᠯᠡᠳᠬᠡᠯ ᠤᠨ ᠳᠠᠭᠠᠭᠤᠯᠤᠭᠴᠢ ᠠᠵᠤ ᠠᠬᠤᠶᠢᠯᠠᠯ ᠢ ᠬᠥᠮᠥᠵᠢᠭᠦᠯᠦᠨ ᠪᠣᠶᠢᠵᠢᠭᠤᠯᠬᠤ ᠶᠢ ᠪᠡᠶᠡᠯᠡᠭᠦᠯᠦᠨ᠎ᠡ᠃      ᠳᠥᠷᠪᠡ ᠳᠤ᠂ ᠣᠷᠣᠨ ᠨᠤᠲᠤᠭ ᠤᠨ ᠬᠢᠨ ᠤ ᠮᠡᠷᠭᠡᠵᠢᠯ ᠤᠨ ᠪᠤᠰᠤ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠠᠰᠢᠭᠲᠠᠢ᠃ ᠨᠥᠬᠦᠪᠦᠷᠢ ᠶᠢ ᠪᠠᠭᠤᠷᠠᠭᠤᠯᠤᠭᠰᠠᠨ ᠤ ᠳᠠᠷᠠᠭ᠎ᠠ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠠᠵᠤ ᠠᠬᠤᠢ ᠶᠢᠨ ᠴᠢᠨᠠᠷ ᠢ ᠪᠠᠲᠤᠯᠠᠬᠤ ᠶᠢᠨ ᠲᠥᠯᠥᠭᠡ᠂ ᠨᠢᠭᠡ ᠲᠠᠯ᠎ᠠ ᠪᠠᠷ ᠠᠵᠤ ᠠᠬᠤᠶᠢᠯᠠᠯ ᠠᠴᠠ ᠮᠡᠷᠭᠡᠵᠢᠯ ᠢᠶᠠᠨ ᠠᠬᠢᠭᠤᠯᠤᠨ ᠳᠠᠪᠰᠢᠭᠤᠯᠬᠤ ᠪᠠᠷ ᠳᠠᠮᠵᠢᠨ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠨᠥᠭᠦᠭᠡ ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠭᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠡᠷᠭᠡᠵᠢᠯ ᠤᠨ ᠪᠤᠰᠤ ᠥᠪᠡᠷ ᠤᠨ ᠥᠷᠲᠡᠭ ᠢᠶᠠᠨ ᠪᠠᠭᠤᠷᠠᠭᠤᠯᠬᠤ ᠳᠤ ᠠᠰᠢᠭᠲᠠᠢ ᠪᠣᠯᠭᠠᠵᠠᠢ᠃      ᠲᠣᠬᠢᠷᠠᠭᠤᠯᠤᠯᠲᠠ ᠬᠢᠬᠦ ᠳᠤ ᠪᠠᠨ ︽ᠨᠢᠭᠡ ᠯᠡ ᠪᠠᠷᠢᠮᠵᠢᠶ᠎ᠠ ᠱᠤᠭᠤᠮ ᠢᠶᠠᠷ ᠲᠠᠰᠤᠯᠬᠤ︾᠎ ᠠᠴᠠ ᠵᠠᠶᠢᠯᠠᠰᠬᠢᠨ᠎ᠠ      ︽ᠲᠤᠰ ᠤᠳᠠᠭ᠎ᠠ ᠲᠣᠬᠢᠷᠠᠭᠤᠯᠤᠯᠲᠠ ᠬᠢᠬᠦ ᠳᠤ ᠪᠠᠨ ︿ᠨᠢᠭᠡ ᠯᠡ ᠪᠠᠷᠢᠮᠵᠢᠶ᠎ᠠ ᠱᠤᠭᠤᠮ ᠢᠶᠠᠷ ᠲᠠᠰᠤᠯᠬᠤ﹀᠎ ᠠᠴᠠ ᠵᠠᠶᠢᠯᠠᠰᠬᠢᠵᠦ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠳᠤ ᠰᠢᠯᠢᠳᠡᠭᠵᠢᠭᠦᠯᠦᠯᠲᠡ ᠬᠢᠵᠦ᠂ ᠲᠥᠷᠥᠯ ᠬᠤᠪᠢᠶᠠᠨ ᠲᠣᠬᠢᠷᠠᠭᠤᠯᠤᠯᠲᠠ ᠬᠢᠭᠰᠡᠨ ᠶᠤᠮ︾ ᠭᠡᠵᠦ ᠲᠤᠰ ᠬᠠᠷᠢᠭᠤᠴᠠᠯᠭᠠᠲᠠᠨ ᠠᠴᠠ ᠴᠢᠬᠤᠯᠠᠴᠢᠯᠠᠵᠤ᠂ ᠤᠯᠤᠰ ᠤᠨ ᠨᠥᠬᠦᠪᠦᠷᠢ ᠶᠢ ᠱᠠᠭᠠᠷᠳᠠᠵᠤ ᠪᠠᠶᠢᠭ᠎ᠠ ᠡᠩ ᠤᠨ ᠴᠠᠬᠢᠯᠭᠠᠨ ᠥᠷᠲᠡᠭᠡ ᠪᠠ ᠲᠠᠷᠬᠠᠮᠠᠯ ᠮᠠᠶ᠋ᠢᠭ ᠤᠨ ᠴᠠᠬᠢᠯᠭᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢᠨ ᠨᠡᠮᠡᠭᠳᠡᠯ ᠤᠨ ᠬᠡᠮᠵᠢᠶ᠎ᠡ ᠶᠢ ᠨᠢ ᠵᠦᠢ ᠵᠣᠬᠢᠰᠲᠠᠢ ᠪᠠᠷ ᠬᠢᠵᠠᠭᠠᠷᠯᠠᠨ᠎ᠠ︔ ᠳᠠᠭᠠᠭᠤᠯᠤᠨ ᠤᠷᠤᠭᠰᠢᠯᠠᠵᠤ ᠪᠠᠶᠢᠭ᠎ᠠ ᠰᠠᠭᠤᠷᠢᠨ ᠭᠠᠵᠠᠷ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠪᠠᠶᠢᠳᠠᠯ ᠢ ᠦᠵᠡᠵᠦ ᠪᠠᠶᠢᠭᠠᠳ ᠪᠠᠶᠢᠳᠠᠯ ᠢ ᠬᠠᠷᠠᠭᠠᠯᠵᠠᠨ ᠲᠣᠬᠢᠷᠠᠭᠤᠯᠤᠨ᠎ᠠ︔ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠪᠠ ᠤᠯᠤᠰ ᠤᠨ ᠨᠥᠬᠦᠪᠦᠷᠢ ᠶᠢ ᠥᠯᠥ ᠱᠠᠭᠠᠷᠳᠠᠬᠤ ᠲᠥᠷᠥᠯ ᠵᠦᠢᠯ ᠢ ᠶᠡᠭᠡ ᠪᠠᠷ ᠳᠡᠮᠵᠢᠵᠦ᠂ ᠡᠮᠬᠢ ᠵᠢᠷᠤᠮ ᠲᠠᠢ ᠬᠥᠭᠵᠢᠭᠦᠯᠦᠨ᠎ᠡ ᠭᠡᠵᠡᠢ᠃      ᠡᠨᠡ ᠵᠢᠯ ᠤᠨ ᠨᠢᠭᠡᠳᠦᠭᠡᠷ ᠪᠦᠯᠦᠭ ᠤᠨ 418 ᠲᠦᠮᠡᠨ ᠺᠢᠯᠣᠸᠠᠲ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠨᠢᠭᠡᠨᠲᠡ ᠳᠣᠷᠣᠭᠰᠢ ᠪᠠᠭᠤᠯᠭᠠᠵᠤ᠂ ᠬᠤᠶᠠᠳᠤᠭᠠᠷ ᠪᠦᠯᠦᠭ ᠤᠨ 400 ᠲᠦᠮᠡᠨ ᠺᠢᠯᠣᠸᠠᠲ ᠭᠡᠷᠡᠯ ᠴᠡᠨᠡᠭ ᠢ ᠶᠠᠭ ᠰᠠᠶᠢᠬᠠᠨ ᠪᠡᠯᠡᠳᠬᠡᠵᠦ ᠪᠠᠶᠢᠨ᠎ᠠ᠃ ᠭᠤᠷᠪᠠᠳᠤᠭᠠᠷ ᠪᠦᠯᠦᠭ ᠤᠨ ᠳᠠᠭᠠᠭᠤᠯᠤᠨ ᠤᠷᠤᠭᠰᠢᠯᠠᠬᠤ ᠰᠠᠭᠤᠷᠢᠨ ᠭᠠᠵᠠᠷ ᠤᠨ ᠲᠥᠷᠥᠯ ᠵᠦᠢᠯ ᠳᠤ ᠨᠢᠭᠡᠨᠲᠡ 650 ᠲᠦᠮᠡᠨ ᠺᠢᠯᠣᠸᠠᠲ ᠭᠡᠷᠡᠯ ᠴᠡᠨᠡᠭ ᠢ ᠰᠣᠩᠭᠤᠨ ᠲᠣᠭᠲᠠᠭᠠᠵᠤ᠂ ᠳᠥᠷᠪᠡᠳᠦᠭᠡᠷ ᠪᠦᠯᠦᠭ ᠢ ᠳᠣᠣᠷ᠎ᠠ ᠬᠠᠭᠠᠰ ᠵᠢᠯ ᠳᠤ ᠴᠠᠭ ᠲᠤᠬᠠᠢ ᠳᠤ ᠨᠢ ᠡᠬᠢᠯᠡᠭᠦᠯᠬᠦ ᠪᠠᠷ ᠪᠠᠶᠢᠨ᠎ᠠ ᠭᠡᠵᠦ ᠲᠡᠷᠡ ᠲᠠᠨᠢᠯᠴᠠᠭᠤᠯᠵᠠᠢ᠃      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠡᠩ ᠤᠨ ᠭᠡᠷᠡᠯ ᠴᠡᠨᠡᠭ ᠤᠨ ᠴᠠᠬᠢᠯᠭᠠᠨ ᠥᠷᠲᠡᠭᠡᠨ ᠤ ᠬᠡᠪ ᠳᠠᠭᠤᠷᠢᠶᠠᠯ ᠪᠦᠬᠦᠢ ᠴᠠᠬᠢᠯᠭᠠᠨ ᠤ ᠦᠨ᠎ᠡ ᠪᠠ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠤ ᠥᠭᠬᠦ ᠨᠥᠬᠦᠪᠦᠷᠢ ᠶᠢᠨ ᠪᠠᠷᠢᠮᠵᠢᠶ᠎ᠠ ᠶᠢ ᠪᠠᠭᠤᠷᠠᠭᠤᠯᠤᠭᠰᠠᠨ ᠨᠢ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠪᠣᠳᠣᠯᠬᠢᠯᠠᠪᠠ᠃ ᠨᠢᠭᠡ ᠳᠤ᠂ ᠲᠣᠨᠣᠭᠯᠠᠯ ᠤᠨ ᠦᠨ᠎ᠡ ᠬᠠᠩᠰᠢ ᠲᠦᠷᠭᠡᠨ ᠪᠠᠭᠤᠷᠠᠭᠰᠠᠨ ᠠᠴᠠ ᠭᠡᠷᠡᠯ ᠴᠡᠨᠡᠭ ᠤᠨ ᠲᠣᠨᠣᠭᠯᠠᠯ ᠤᠨ ᠳᠤᠮᠳᠠᠴᠢ ᠦᠨ᠎ᠡ ᠬᠠᠩᠰᠢ ᠶᠢ ᠨᠢᠳᠤᠨᠤᠨ ᠵᠢᠯ ᠤᠨ ᠡᠴᠦᠰ ᠤᠨ ᠬᠢ ᠲᠠᠢ ᠬᠠᠷᠢᠴᠠᠭᠤᠯᠪᠠᠯ ᠪᠠᠭᠤᠷᠠᠯᠲᠠ ᠶᠢᠨ ᠬᠡᠮᠵᠢᠶ᠎ᠡ ᠨᠢ ᠨᠢᠭᠡᠨᠲᠡ ᠪᠠᠷᠤᠭ 17%᠎ ᠳᠤ ᠬᠦᠷᠴᠡᠢ︔ ᠬᠤᠶᠠᠷ ᠲᠤ᠂ ᠭᠡᠷᠡᠯ ᠴᠡᠨᠡᠭ ᠤᠨ ᠳᠠᠭᠠᠭᠤᠯᠤᠨ ᠤᠷᠤᠭᠰᠢᠯᠠᠬᠤ ᠰᠠᠭᠤᠷᠢᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠡᠭᠡᠳᠦ ᠬᠢᠵᠠᠭᠠᠷ ᠤᠨ ᠦᠨ᠎ᠡ ᠬᠠᠩᠰᠢ ᠲᠠᠢ ᠵᠣᠯᠭᠠᠯᠳᠤᠭᠤᠯᠤᠨ᠎ᠠ︔ ᠭᠤᠷᠪᠠ ᠳᠤ᠂ ᠨᠥᠬᠦᠪᠦᠷᠢ ᠶᠢᠨ ᠳᠤᠲᠠᠭᠤᠳᠠᠯ ᠤᠨ ᠨᠡᠮᠡᠭᠳᠡᠯ ᠬᠡᠳᠦ ᠲᠦᠷᠭᠡᠨ ᠪᠠᠶᠢᠨ᠎ᠠ᠃      ︽ᠨᠢᠳᠤᠨᠤᠨ ᠠᠴᠠ ᠨᠠᠭᠠᠰᠢ᠂ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠲᠤ ᠳᠡᠭᠡᠳᠦ ᠬᠤᠷᠳᠤᠴᠠ ᠪᠠᠷ ᠬᠥᠭᠵᠢᠬᠦ ᠲᠥᠯᠥᠪ ᠪᠠᠶᠢᠳᠠᠯ ᠢᠯᠡᠷᠡᠨ᠂ ᠴᠥᠭᠡᠨ ᠪᠤᠰᠤ ᠲᠦᠭᠰᠢᠭᠦᠷᠢ ᠣᠷᠣᠰᠢᠵᠤ ᠪᠠᠶᠢᠳᠠᠭ ᠪᠣᠯᠬᠤᠷ᠂ ᠦᠨ᠎ᠡ ᠬᠠᠩᠰᠢ ᠶᠢᠨ ᠬᠥᠰᠢᠭᠦᠷᠭᠡ ᠪᠠᠷ ᠳᠠᠮᠵᠢᠭᠤᠯᠤᠨ ᠲᠣᠬᠢᠷᠠᠭᠤᠯᠤᠯᠲᠠ ᠬᠢᠬᠦ ᠦᠢᠯᠡᠳᠦᠯ ᠢ ᠨᠢ ᠪᠠᠳᠠᠷᠠᠭᠤᠯᠬᠤ ᠶᠢ ᠱᠠᠭᠠᠷᠳᠠᠵᠤ ᠪᠠᠶᠢᠨ᠎ᠠ︾ ᠭᠡᠵᠦ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠤ ᠪᠠᠨ᠂ ᠨᠢᠭᠡᠨᠲᠡ 2017 ᠣᠨ ᠵᠢᠴᠢ ᠲᠡᠭᠦᠨ ᠠᠴᠠ ᠡᠮᠦᠨᠡᠬᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠭᠰᠠᠨ ᠲᠥᠷᠥᠯ ᠵᠦᠢᠯ ᠢ ᠡᠨᠡ ᠵᠢᠯ ᠤᠨ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠲᠣᠣᠷ ᠰᠦᠯᠵᠢᠶ᠎ᠡ ᠶᠢ ᠨᠡᠶᠢᠯᠡᠭᠦᠯᠦᠨ ᠵᠥᠭᠡᠭᠡᠪᠦᠷᠢᠯᠡᠯᠲᠡ ᠳᠤ ᠣᠷᠣᠭᠤᠯᠤᠭᠰᠠᠨ ᠪᠣᠯ᠂ 2017 ᠣᠨ ᠤ ᠬᠡᠪ ᠳᠠᠭᠤᠷᠢᠶᠠᠯ ᠪᠦᠬᠦᠢ ᠴᠠᠬᠢᠯᠭᠠᠨ ᠤ ᠦᠨ᠎ᠡ ᠬᠠᠩᠰᠢ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ ᠤᠯᠤᠰ ᠤᠨ ᠡᠨᠧᠷᠭᠢ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠤ ᠳᠠᠭᠠᠭᠠᠴᠢᠯᠠᠯᠲᠠ ᠵᠠᠷᠯᠠᠭᠰᠠᠨ ᠮᠡᠷᠭᠡᠵᠢᠯ ᠤᠨ ᠲᠠᠯ᠎ᠠ ᠪᠠᠷ ᠳᠠᠭᠠᠭᠤᠯᠤᠨ ᠤᠷᠤᠭᠰᠢᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠣᠷ ᠰᠦᠯᠵᠢᠶᠡᠨ ᠳᠤ ᠭᠠᠷᠭᠠᠬᠤ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠤ ᠬᠤᠪᠢᠷᠠᠭᠤᠯᠬᠤ ᠦᠭᠡᠢ ᠭᠡᠵᠡᠢ᠃     ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠵᠠᠬ᠎ᠠ ᠳᠡᠯᠭᠡᠭᠦᠷᠴᠢᠯᠡᠬᠦ ᠴᠠᠭ ᠤᠨ ᠬᠤᠪᠢᠶᠠᠷᠢ ᠪᠠ ᠵᠣᠷᠴᠢᠬᠤ ᠱᠤᠭᠤᠮ ᠢ ᠠᠮᠵᠢᠨ ᠰᠤᠳᠤᠯᠤᠨ᠎ᠠ      ︽ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ ᠬᠥᠭᠵᠢᠯᠲᠡ ᠶᠢ ᠳᠡᠮᠵᠢᠬᠦ ᠪᠣᠯ ᠡᠨᠧᠷᠭᠢ ᠶᠢᠨ ᠦᠢᠯᠡᠳᠪᠦᠷᠢᠯᠡᠯ ᠤᠨ ᠰᠢᠨᠡᠴᠢᠯᠡᠯᠲᠡ ᠪᠠ ᠬᠡᠷᠡᠭᠯᠡᠭᠡ ᠶᠢᠨ ᠰᠢᠨᠡᠴᠢᠯᠡᠯᠲᠡ ᠶᠢᠨ ᠴᠢᠬᠤᠯᠠ ᠠᠭᠤᠯᠭ᠎ᠠ ᠪᠠᠶᠢᠵᠤ᠂ ᠤᠯᠤᠰ ᠠᠴᠠ ᠭᠡᠷᠡᠯ ᠴᠡᠨᠡᠭ ᠤᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠲᠠᠰᠤᠷᠠᠯᠲᠠ ᠦᠭᠡᠢ ᠳᠡᠮᠵᠢᠨ᠎ᠡ︾ ᠭᠡᠵᠦ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠴᠢᠬᠤᠯᠠᠴᠢᠯᠠᠵᠠᠢ᠃      ᠳᠠᠷᠠᠭᠠᠴᠢ ᠶᠢᠨ ᠠᠯᠬᠤᠮ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠤᠳᠤᠯᠤᠯᠲᠠ ᠪᠠᠨ ᠴᠢᠩᠭᠠᠳᠬᠠᠨ᠎ᠠ ᠭᠡᠵᠦ ᠲᠡᠷᠡ ᠴᠢᠬᠤᠯᠠᠴᠢᠯᠠᠪᠠ᠃      ᠨᠢᠭᠡ ᠳᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠵᠠᠬ᠎ᠠ ᠳᠡᠯᠭᠡᠭᠦᠷᠴᠢᠯᠡᠬᠦ ᠴᠠᠭ ᠤᠨ ᠬᠤᠪᠢᠶᠠᠷᠢ ᠪᠠ ᠵᠣᠷᠴᠢᠬᠤ ᠱᠤᠭᠤᠮ ᠢ ᠠᠮᠵᠢᠨ ᠰᠤᠳᠤᠯᠵᠤ᠂ ᠬᠥᠭᠵᠢᠯᠲᠡ ᠶᠢᠨ ᠬᠥᠭ ᠢ ᠵᠦᠢ ᠵᠣᠬᠢᠰᠲᠠᠢ ᠡᠵᠡᠮᠳᠡᠨ᠎ᠡ᠃      ᠬᠤᠶᠠᠷ ᠲᠤ᠂ ᠲᠠᠷᠬᠠᠮᠠᠯ ᠮᠠᠶ᠋ᠢᠭ ᠤᠨ ᠵᠠᠬ᠎ᠠ ᠳᠡᠯᠭᠡᠭᠦᠷᠴᠢᠯᠡᠭᠰᠡᠨ ᠰᠣᠯᠢᠯᠴᠠᠭ᠎ᠠ ᠶᠢ ᠶᠡᠭᠡ ᠪᠠᠷ ᠠᠬᠢᠭᠤᠯᠤᠨ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠶᠠᠭ ᠰᠠᠶᠢᠬᠠᠨ ᠲᠤᠷᠰᠢᠯᠲᠠ ᠶᠢᠨ ᠴᠢᠭ᠋ ᠤᠨ ᠲᠥᠰᠥᠯ ᠢ ᠳᠤᠷᠠᠳᠤᠨ ᠭᠠᠷᠭᠠᠵᠤ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠴᠠᠭ ᠢ ᠠᠮᠵᠢᠨ ᠵᠥᠪᠳᠡᠯᠴᠡᠵᠦ ᠬᠠᠷᠢᠭᠤ ᠥᠭᠬᠦ ᠪᠠᠷ ᠪᠠᠶᠢᠨ᠎ᠠ᠃      ︽ᠮᠡᠳᠡᠭᠳᠡᠯ ᠢ ᠨᠡᠶᠢᠲᠡᠯᠡᠭᠰᠡᠨ ᠤ ᠳᠠᠷᠠᠭ᠎ᠠ᠂ ᠵᠠᠷᠢᠮ ᠣᠷᠣᠨ ᠨᠤᠲᠤᠭ ᠤᠨ ᠴᠠᠬᠢᠯᠭᠠᠨ ᠬᠦᠴᠦᠨ ᠤ ᠲᠣᠣᠷ ᠰᠦᠯᠵᠢᠶ᠎ᠡ ᠶᠢᠨ ᠺᠣᠮᠫᠠᠨᠢ ᠨᠢ ᠤᠯᠤᠰ ᠠᠴᠠ ᠭᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠬᠤ ᠪᠠᠷ ᠪᠠᠶᠢᠨ᠎ᠠ ᠭᠡᠵᠦ ᠳᠥᠭᠦᠮ ᠢᠶᠠᠷ ᠣᠶᠢᠯᠠᠭᠠᠵᠤ᠂ ᠲᠣᠣᠷ ᠰᠦᠯᠵᠢᠶ᠎ᠡ ᠳᠤ ᠨᠡᠶᠢᠯᠡᠭᠦᠯᠬᠦ ᠴᠢᠬᠤᠯᠠᠲᠠᠢ ᠲᠥᠷᠥᠯ ᠵᠦᠢᠯ ᠢ ᠴᠤ ᠨᠡᠶᠢᠯᠡᠭᠦᠯᠬᠦ ᠪᠠᠨ ᠪᠣᠯᠢᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠣᠷᠣᠯᠠᠨ ᠥᠭᠬᠦ ᠴᠢᠬᠤᠯᠠᠲᠠᠢ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠨᠥᠬᠦᠪᠦᠷᠢ ᠶᠢ ᠴᠤ ᠵᠣᠭᠰᠣᠭᠠᠪᠠ᠂ ᠡᠭᠦᠨ ᠢ ᠳᠠᠷᠤᠢ ᠳᠤ ᠨᠢ ᠵᠠᠰᠠᠨ ᠥᠭᠡᠷᠡᠴᠢᠯᠡᠬᠦ ᠬᠡᠷᠡᠭᠲᠡᠢ︾ ᠭᠡᠵᠦ ᠲᠡᠷᠡ ᠴᠢᠬᠤᠯᠠᠴᠢᠯᠠᠵᠠᠢ᠃      ᠭᠤᠷᠪᠠ ᠳᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠶᠢ ᠠᠬᠢᠭᠤᠯᠵᠤ᠂ ᠭᠡᠷᠡᠯ ᠴᠡᠨᠡᠭ ᠤᠨ ᠠᠵᠤ ᠠᠬᠤᠶᠢᠯᠠᠯ ᠳᠤ ᠬᠤᠳᠠᠯᠳᠤᠭ᠎ᠠ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠭᠠᠳᠠᠭᠠᠳᠤ ᠤᠯᠤᠰ ᠲᠠᠢ ᠬᠠᠷᠢᠴᠠᠭᠤᠯᠪᠠᠯ᠂ ᠮᠠᠨ ᠤ ᠤᠯᠤᠰ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠪᠡᠷ ᠤᠨ ᠥᠷᠲᠡᠭ ᠤᠨ ᠵᠥᠷᠢᠶ᠎ᠡ ᠨᠢ ᠭᠤᠣᠯᠳᠠᠭᠤ ᠮᠡᠷᠭᠡᠵᠢᠯ ᠤᠨ ᠪᠤᠰᠤ ᠥᠪᠡᠷ ᠤᠨ ᠥᠷᠲᠡᠭ ᠲᠤ ᠪᠠᠨ ᠪᠠᠶᠢᠵᠤ᠂ ᠳᠠᠷᠠᠭᠠᠴᠢ ᠶᠢᠨ ᠠᠯᠬᠤᠮ ᠳᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢᠨ ᠪᠣᠳᠠᠲᠠᠶᠢᠵᠢᠭᠤᠯᠬᠤ ᠶᠢ ᠠᠬᠢᠭᠤᠯᠵᠤ᠂ ᠭᠡᠷᠡᠯ ᠴᠡᠨᠡᠭ ᠤᠨ ᠠᠵᠤ ᠠᠬᠤᠶᠢᠯᠠᠯ ᠢ ᠦᠨᠡᠨ ᠬᠦ ᠳᠠᠷᠤᠭᠠᠰᠤ ᠦᠭᠡᠢ ᠤᠷᠤᠭᠰᠢᠯᠠᠭᠤᠯᠤᠨ᠎ᠠ ᠭᠡᠵᠦ ᠲᠡᠷᠡ ᠵᠢᠭᠠᠵᠤ ᠭᠠᠷᠭᠠᠪᠠ᠃      ᠳᠥᠷᠪᠡ ᠳᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠢᠵᠠᠭᠠᠷᠲᠤ ᠲᠤᠭ᠎ᠠ ᠶᠢᠨ ᠳᠦᠷᠢᠮ ᠢ ᠴᠠᠭ ᠢ ᠠᠮᠵᠢᠨ ᠪᠣᠳᠠᠲᠠᠶᠢᠵᠢᠭᠤᠯᠤᠨ ᠬᠡᠷᠡᠭᠵᠢᠭᠦᠯᠦᠨ᠎ᠡ᠃ ᠣᠳᠣᠬᠠᠨ ᠳᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠢ ᠨᠢᠭᠡᠨᠲᠡ ᠰᠠᠨᠠᠯ ᠬᠤᠷᠢᠶᠠᠬᠤ ᠠᠵᠢᠯ ᠢᠶᠠᠨ ᠪᠡᠶᠡᠯᠡᠭᠦᠯᠵᠦ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠡᠨᠡ ᠵᠢᠯ ᠳᠤ ᠨᠡᠶᠢᠲᠡᠯᠡᠬᠦ ᠪᠠᠷ ᠴᠢᠷᠮᠠᠶᠢᠵᠤ ᠪᠠᠶᠢᠨ᠎ᠠ᠃      ᠲᠠᠪᠤ ᠳᠤ᠂ ᠣᠯᠠᠨ ᠠᠷᠭ᠎ᠠ ᠠᠪᠴᠢᠯ ᠢ ᠵᠡᠷᠭᠡ ᠪᠠᠷ ᠬᠡᠷᠡᠭᠯᠡᠵᠦ ᠪᠠᠶᠢᠭᠠᠳ ᠪᠠᠭᠲᠠᠭᠠᠨ ᠰᠢᠩᠭᠡᠭᠡᠬᠦ ᠶᠢ ᠥᠷᠭᠡᠳᠬᠡᠵᠦ᠂ ᠭᠡᠷᠡᠯ ᠴᠡᠨᠡᠭ ᠢ ᠲᠡᠪᠴᠢᠵᠦ ᠭᠡᠷᠡᠯ ᠴᠠᠬᠢᠯᠭᠠᠨ ᠢ ᠬᠢᠵᠠᠭᠠᠷᠯᠠᠬᠤ ᠶᠢ ᠤᠯᠠᠮ ᠨᠢᠭᠡ ᠠᠯᠬᠤᠮ ᠪᠠᠭᠠᠰᠬᠠᠨ᠎ᠠ᠃ ᠴᠠᠬᠢᠯᠭᠠᠨ ᠬᠦᠴᠦᠨ ᠤ ᠲᠣᠣᠷ ᠤᠨ ᠠᠵᠤ ᠠᠬᠤᠶᠢᠯᠠᠯ ᠨᠢ ᠰᠢᠨ᠎ᠡ ᠡᠨᠧᠷᠭᠢ ᠶᠢ ᠤᠷᠢᠳ ᠢᠶᠠᠷ ᠲᠣᠬᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ