内蒙古自治区政府门户网站
 
2018 ᠣᠨ ᠤ ᠶᠡᠭᠡ ᠲᠡᠭᠡᠳᠦ ᠰᠤᠷᠭᠠᠭᠤᠯᠢ ᠳᠤ ᠡᠯᠰᠡᠬᠦ ᠰᠢᠯᠭᠠᠯᠳᠠ ᠶᠢᠨ ᠬᠢᠷᠢ ᠪᠦᠲᠦᠮᠵᠢ ᠶᠢ 6 ᠳ᠋ᠤᠭᠠᠷ ᠰᠠᠷ᠎ᠠ ᠶᠢᠨ 23᠎ ᠤ ᠡᠳᠦᠷ ᠨᠡᠶᠢᠳᠡᠯᠡᠨ᠎ᠡ
ᠨᠡᠶᠢᠲᠡᠯᠡᠭᠰᠡᠨ ᠴᠠᠭ᠄
2018-06-13
     ᠡᠨᠡ ᠵᠢᠯ ᠤᠨ ᠶᠡᠭᠡ ᠲᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢ 6 ᠳ᠋ᠤᠭᠠᠷ ᠰᠠᠷ᠎ᠠ ᠶᠢᠨ10᠎ ᠤ ᠡᠳᠤᠷ ᠎ ᠠᠴᠠ 22᠎ ᠤᠨ ᠡᠳᠤᠷ ᠪᠤᠯᠳᠠᠯ᠎ᠠ ᠰᠦᠯᠵᠢᠶᠡᠨ ᠳᠡᠭᠡᠷ᠎ᠡ ᠦᠵᠡᠵᠦ᠂ ᠬᠢᠷᠢ ᠪᠦᠲᠦᠮᠵᠢ ᠶᠢ 6 ᠳ᠋ᠤᠭᠠᠷ ᠰᠠᠷ᠎ᠠ ᠶᠢᠨ 23᠎ ᠤ ᠡᠳᠦᠷ ᠨᠡᠶᠢᠳᠡᠯᠡᠨ᠎ᠡ᠂ ᠰᠢᠯᠭᠠᠭᠤᠯᠤᠭᠰᠡᠳ ᠳᠣᠣᠷᠠᠬᠢ ᠲᠦᠷᠪᠡᠨ ᠵᠦᠢᠯ ᠤᠨ ᠠᠷᠭ᠎ᠠ ᠪᠠᠷ ᠳᠠᠮᠵᠢᠨ ᠬᠤᠪᠢ ᠎ ᠪᠠᠨ ᠯᠠᠪᠯᠠᠵᠤ ᠪᠣᠯᠤᠨ᠎ᠠ᠃ ᠲᠤᠬᠠᠶᠢᠯᠠᠪᠠᠯ᠄ ᠨᠢᠭᠡ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ᠰᠦᠢᠳᠬᠡᠯ ᠦᠭᠡᠶ ᠪᠠᠷ ᠰᠢᠯᠭᠠᠭᠰᠠᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ︔ ᠬᠤᠶᠠᠷ᠂ ᠰᠢᠯᠵᠢᠮᠡᠯ ᠳ᠋ᠢᠶᠡᠩᠬᠤᠸᠠ ᠪᠠᠷ ︽gkcf ᠰᠢᠯᠭᠠᠭᠤᠯᠤᠭᠴᠢ ᠶᠢᠨ ᠨᠣᠮᠧᠷ︾ ᠭᠡᠬᠦ ᠣᠬᠤᠷ ᠴᠢᠮᠡᠭᠡ ᠶᠠᠪᠤᠭᠤᠯᠵᠤ 10628833 ᠨᠤᠮᠧᠷ ᠠᠴᠠ ᠰᠢᠯᠭᠠᠭᠰᠠᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ︔ ᠭᠤᠷᠪᠠ᠂ ᠠᠦ᠋ᠲ᠋ᠣ᠋ ᠠᠪᠢᠶᠠᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠯᠠᠪᠯᠠᠵᠤ ᠪᠣᠯᠤᠨ᠎ᠠ᠂ ᠣᠷᠣᠨ ᠤ ᠳᠣᠲᠣᠷᠠᠬᠢ ᠳᠤᠮᠳᠠᠳᠤ ᠤᠯᠤᠰ ᠤᠨ ᠨᠢᠭᠡᠳᠦᠮᠡᠯ ᠬᠤᠯᠪᠤᠭᠠᠨ ᠤ ᠬᠡᠷᠡᠭᠯᠡᠭᠴᠢᠳ 16897788 ᠤᠲᠠᠰᠤ ᠪᠠᠷ ᠯᠠᠪᠯᠠᠵᠤ᠂ ᠳᠤᠮᠳᠠᠳᠤ ᠤᠯᠤᠰ ᠤᠨ ᠴᠠᠬᠢᠯᠭᠠᠨ ᠮᠡᠳᠡᠭᠡ ᠬᠤᠯᠪᠣᠭᠠᠨ ᠤ ᠬᠡᠷᠡᠭᠯᠡᠭᠴᠢᠳ 16817788 ᠤᠲᠠᠰᠤ ᠎ ᠪᠠᠷ ᠯᠠᠪᠯᠠᠵᠤ᠂ ᠳᠤᠮᠳᠠᠳᠤ ᠤᠯᠤᠰ ᠤᠨ ᠲᠢᠶᠧ ᠲᠥᠩ ᠤᠨ ᠬᠡᠷᠡᠭᠯᠡᠭᠴᠢᠳ 95105168 ᠤᠲᠠᠰᠤ ᠪᠠᠷ ᠯᠠᠪᠯᠠᠵᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠡᠷᠡᠭᠯᠡᠭᠴᠢᠳ 1255088 ᠤᠲᠠᠰᠤ ᠪᠠᠷ ᠯᠠᠪᠯᠠᠨ᠎ᠠ︔ ᠳᠥᠷᠪᠡ᠂ ᠬᠥᠮᠦᠨ ᠤ ᠬᠦᠴᠦ ᠶᠢᠨ ᠮᠡᠳᠡᠭᠡ ᠵᠠᠩᠭᠢ ᠶᠢᠨ ᠲᠠᠪᠴᠠᠩ ᠠᠴᠠ ᠯᠠᠪᠯᠠᠬᠤ ᠳᠤ᠂ ᠨᠢᠭᠡᠳᠦᠮᠡᠯ ᠬᠤᠯᠪᠤᠭᠠᠨ ᠤ ᠬᠡᠷᠡᠭᠯᠡᠭᠴᠢᠳ 1607788 ᠨᠤᠮᠧᠷ ᠲᠤ ᠤᠳᠠᠰᠤᠳᠠᠵᠤ ᠳ᠋ᠢᠶᠡᠩᠬᠤᠸᠠ ᠵᠠᠯᠭᠠᠭᠴᠢ ᠠᠴᠠ ᠰᠢᠯᠭᠠᠭᠰᠠᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号