ᠥᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠬᠠᠮᠲᠤᠷᠠᠭᠰᠠᠨ ᠬᠤᠷᠠᠯ ᠢ ᠤᠯᠠᠭᠠᠨᠴᠠᠪ ᠬᠤᠲᠠ ᠳᠤ ᠬᠢᠪᠡ
ᠨᠡᠶᠢᠲᠡᠯᠡᠭᠰᠡᠨ ᠴᠠᠭ᠄
2018/6/14
      6 ᠳ᠋ᠤᠭᠠᠷ ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠬᠠᠮᠲᠤᠷᠠᠭᠰᠠᠨ ᠬᠤᠷᠠᠯ ᠢ ᠤᠯᠠᠭᠠᠨᠴᠠᠪ ᠬᠤᠲᠠ ᠳᠤ ᠬᠢᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡ ᠶᠢᠨ ᠠᠯᠪᠠᠨ ᠭᠡᠷ ᠠᠴᠠ ︽ᠥᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2018 —2020︶︾᠎ ᠢ ᠨᠣᠣᠷᠠᠭᠯᠠᠭᠰᠠᠨ ᠪᠠᠶᠢᠳᠠᠯ᠂ ᠠᠭᠤᠯᠭ᠎ᠠ ᠵᠡᠷᠭᠡ ᠳᠤ ᠭᠦᠨᠵᠡᠭᠡᠢ ᠲᠠᠶᠢᠯᠤᠮᠵᠢ ᠬᠢᠪᠡ᠃ ᠡᠯ᠎ᠡ ᠠᠶᠢᠮᠠᠭ ᠬᠤᠲᠠ ᠶᠢᠨ ᠮᠦᠩᠭᠦᠨ ᠭᠦᠢᠯᠭᠡᠭᠡ ᠶᠢᠨ ᠠᠯᠪᠠᠨ ᠭᠡᠷ ᠪᠠ ᠮᠦᠩᠭᠦᠨ ᠭᠦᠢᠯᠭᠡᠭᠡ ᠶᠢᠨ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠳ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠵᠦ ᠪᠠᠶᠢᠭ᠎ᠠ ᠪᠣᠳᠠᠲᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠵᠢᠯ ᠤᠨ ᠰᠡᠳᠬᠢᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠦᠭᠡᠳ ᠰᠠᠨᠠᠯ ᠢᠶᠠᠨ ᠰᠣᠯᠢᠯᠴᠠᠪᠠ᠃       ᠬᠤᠷᠠᠯ ᠠᠴᠠ ᠵᠢᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠣᠯᠬᠤ ᠪᠣᠯ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠩ ᠮᠥᠨ᠂ ᠮᠦᠩᠭᠦᠨ ᠭᠦᠢᠯᠭᠡᠭᠡ ᠪᠠᠷ ᠲᠤᠶᠢᠯ ᠤᠨ ᠣᠨᠣᠪᠴᠢᠲᠠᠢ ᠶᠠᠳᠠᠭᠤ ᠶᠢ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠣᠯᠬᠤ ᠴᠢᠬᠤᠯᠠ ᠠᠷᠭ᠎ᠠ ᠪᠠᠷᠢᠯ ᠮᠥᠨ᠂ ᠮᠥᠨᠴᠦ ᠮᠦᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠣᠲᠣᠭᠠᠳᠤ ᠱᠠᠭᠠᠷᠳᠠᠯᠭ᠎ᠠ ᠮᠥᠨ᠃ ᠡᠯ᠎ᠡ ᠮᠦᠩᠭᠦᠨ ᠭᠦᠢᠯᠭᠡᠭᠡ ᠶᠢᠨ ᠪᠠᠶᠢᠭᠤᠯᠤᠮᠵᠢ ᠨᠤᠭᠤᠳ ᠮᠦᠩᠭᠦᠨ ᠭᠦᠢᠯᠭᠡᠭᠡ ᠨᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠦᠩᠭᠦᠨ ᠭᠦᠢᠯᠭᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠦᠩᠭᠦᠨ ᠭᠦᠢᠯᠭᠡᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠡᠭᠦᠷᠭᠡ ᠪᠠᠨ ᠪᠠᠲᠤ ᠴᠡᠭᠡᠵᠢᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠢᠲᠡᠭᠡᠯ ᠳᠦᠭᠦᠷᠡᠩ ᠣᠶᠣᠨ ᠰᠠᠨᠠᠭᠠᠨ ᠤ ᠬᠡᠪ ᠪᠠᠶᠢᠳᠠᠯ᠂ ᠬᠢᠨᠠᠮᠠᠭᠠᠢ ᠬᠠᠷᠢᠭᠤᠴᠠᠬᠤ ᠠᠵᠢᠯ ᠤᠨ ᠬᠡᠪ ᠰᠤᠷᠲᠠᠯ ᠢᠶᠠᠷ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠳᠤ ᠴᠢᠬᠤᠯᠠᠴᠢᠯᠠᠭᠰᠠᠨ ᠨᠢ᠂ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ ᠳᠤᠭᠤᠶᠢᠯᠠᠩ ᠨᠢ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠳᠤ ᠬᠠᠮᠲᠤᠷᠠᠭᠰᠠᠨ ᠬᠤᠷᠠᠯ ᠤᠨ ᠵᠠᠭᠪᠤᠷ ᠢᠶᠠᠷ ᠵᠣᠬᠢᠴᠠᠭᠤᠯᠬᠤ ᠪᠠ ᠠᠬᠢᠭᠤᠯᠵᠤ᠂ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠎ ᠳᠤ ᠤᠯᠠᠮᠵᠢᠯᠠᠭᠳᠠᠬᠤ ᠶᠢ ᠪᠠᠲᠤᠯᠠᠬᠤ ᠬᠡᠷᠡᠭᠲᠡᠢ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠡᠷᠦᠬᠡ ᠳᠤ ᠮᠥᠩᠭᠦᠨ ᠭᠦᠢᠯᠭᠡᠭᠡ ᠶᠢᠨ ᠦᠢᠯᠡᠴᠢᠯᠡᠭᠡ ᠬᠢᠬᠦ ᠶᠢ ᠪᠦᠷᠢᠨ ᠪᠦᠷᠬᠦᠭᠦᠯᠵᠦ᠂ ᠵᠢᠭᠡᠯᠡᠯᠭᠡ ᠠᠴᠠ ᠡᠮᠦᠨ᠎ᠡ ᠪᠠᠶᠢᠴᠠᠭᠠᠬᠤ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠵᠢᠭᠡᠯᠡᠭᠦᠯᠬᠦ ᠵᠣᠬᠢᠰᠲᠠᠢ ᠳᠤᠨᠢ ᠴᠥᠮ ᠵᠢᠭᠡᠯᠡᠭᠦᠯᠵᠦ᠂ ᠳᠠᠮ ᠬᠦᠦ ᠥᠭᠬᠦ ᠵᠣᠬᠢᠰᠲᠠᠢ ᠳᠤᠨᠢ ᠴᠥᠮ ᠥᠭᠬᠦ ᠬᠡᠷᠡᠭᠲᠡᠢ᠃ ᠬᠤᠰᠢᠭᠤ ᠰᠢᠶᠠᠨ ᠨᠤᠭᠤᠳ ᠲᠦᠭᠰᠢᠭᠦᠷᠢ ᠶᠢᠨ ᠨᠥᠬᠦᠪᠦᠷᠢ ᠶᠢᠨ ᠲᠤᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠲᠠᠢ ᠬᠠᠮᠲᠤᠪᠠᠷ ᠲᠥᠭᠰᠢᠭᠦᠷᠢ ᠶᠢ ᠬᠤᠪᠢᠶᠠᠯᠴᠠᠨ ᠡᠭᠦᠷᠭᠡᠯᠡᠬᠦ ᠬᠡᠷᠡᠭᠲᠡᠢ᠃ ᠲᠦᠭᠰᠢᠭᠦᠷᠢ ᠶᠢ ᠨᠥᠬᠦᠪᠦᠷᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠰᠠᠨᠠᠭᠠᠴᠢᠯᠠᠭ᠎ᠠ ᠲᠠᠢ ᠪᠠᠷ ᠬᠢᠵᠦ᠂ ᠡᠯ᠎ᠡ ᠵᠦᠢᠯ ᠤᠨ ᠮᠥᠩᠭᠦᠨ ᠭᠦᠢᠯᠭᠡᠭᠡ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠦᠷᠭᠦᠯᠵᠢᠯᠡᠬᠦᠶᠢᠴᠡ᠂ ᠰᠠᠶᠢᠨ ᠡᠷᠭᠢᠯᠲᠡᠲᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠴᠤ ᠶᠠᠳᠠᠭᠤ ᠠᠴᠠ ᠨᠢ ᠠᠩᠭᠢᠵᠢᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡ ᠶᠢᠨ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠷᠬᠢᠮ ᠳᠡᠭᠡᠳᠦ ᠡᠭᠦᠷᠭᠡᠲᠦ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠣᠯ ᠹᠷᠣᠨᠲ ᠲᠤ ᠣᠴᠢᠵᠤ᠂ ᠮᠦᠩᠭᠦᠨ ᠭᠦᠢᠯᠭᠡᠭᠡ ᠶᠢᠨ ᠠᠵᠢᠯᠲᠠᠨ ᠤ ᠬᠤᠷᠴᠠ ᠰᠡᠷᠡᠯ ᠢᠶᠠᠷ᠂ ᠬᠤᠰᠢᠭᠤ ᠰᠢᠶᠠᠨ ᠤ ᠲᠣᠬᠢᠷᠠᠭᠤᠯᠭ᠎ᠠ ᠶᠣᠰᠣᠭᠠᠷ᠂ ᠮᠦᠩᠭᠦᠨ ᠭᠦᠢᠯᠭᠡᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠵᠤ᠂ ᠳᠠᠷᠬᠠᠨ ᠡᠭᠦᠷᠭᠡ ᠪᠠᠨ ᠭᠤᠲᠤᠭᠠᠯ ᠦᠭᠡᠢ ᠪᠠᠷ᠂ ᠠᠵᠢᠯ ᠤᠨ ᠤᠯᠠ ᠮᠥᠷ ᠢᠶᠠᠨ ᠦᠯᠡᠳᠡᠭᠡᠬᠦ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号