6 ᠳ᠋ᠤᠭᠠᠷ ᠰᠠᠷ᠎ᠠ ᠶᠢᠨ 12 ᠤᠨ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ | ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠵᠢᠷᠭᠤᠳᠤᠭᠠᠷ | ᠪᠦᠯᠦᠭ ᠤᠨ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 99 ᠭᠡᠷᠡᠭ ︵ᠤᠳᠠᠰᠤ ᠪᠠᠷ ᠢᠯᠡᠴᠢᠯᠡᠨ | ᠮᠡᠳᠡᠬᠦᠯᠦᠭᠰᠡᠨ 86 ᠭᠡᠷᠡᠭ᠂ ᠵᠠᠬᠢᠳᠠᠯ ᠢᠶᠠᠷ ᠢᠯᠡᠴᠢᠯᠡᠨ ᠮᠡᠳᠡᠬᠦᠯᠦᠭᠰᠡᠨ 13 ᠭᠡᠷᠡᠭ︶ ᠢ ᠲᠤᠰᠢᠶᠠᠨ | ᠰᠢᠢᠳᠪᠤᠷᠢᠯᠡᠬᠦᠯᠬᠦ ᠪᠠᠷ ᠪᠤᠯᠪᠠ᠃ | ᠤᠷᠤᠨ ᠪᠦᠰᠡ ᠶᠢᠨ ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 29 ᠭᠡᠷᠡᠭ᠂ ᠤᠯᠠᠭᠠᠨᠬᠠᠳᠠ | ᠬᠤᠳᠠ ᠶᠢᠨ 15 ᠭᠡᠷᠡᠭ᠂ ᠤᠷᠳᠤᠰ ᠬᠤᠳᠠ ᠶᠢᠨ 13 ᠭᠡᠷᠡᠭ᠂ ᠪᠤᠭᠤᠳᠤ ᠬᠤᠳᠠ᠂ ᠰᠢᠯᠢ ᠶᠢᠨ ᠭᠤᠤᠯ | ᠠᠶᠢᠮᠠᠬ ᠶᠢᠨ ᠲᠤᠰ ᠲᠤᠰ 9 ᠭᠡᠷᠡᠭ᠂ ᠬᠦᠯᠦᠨ ᠪᠤᠶᠢᠷ ᠬᠤᠳᠠ ᠶᠢᠨ 7 ᠭᠡᠷᠡᠭ᠂ ᠲᠦᠩᠯᠢᠶᠤᠤ ᠬᠤᠳᠠ᠂ | ᠪᠠᠶᠠᠨᠨᠠᠭᠤᠷ ᠬᠤᠳᠠ᠂ ᠤᠯᠠᠭᠠᠨᠴᠠᠪ ᠬᠤᠳᠠ ᠶᠢᠨ ᠲᠤᠰ ᠲᠤᠰ 4 ᠭᠡᠷᠡᠭ᠂ ᠬᠢᠩᠭᠠᠨ ᠠᠶᠢᠮᠠᠬ ᠤᠨ 3 ᠭᠡᠷᠡᠭ᠂ | ᠦᠬᠠᠢ ᠬᠤᠳᠠ ᠶᠢᠨ 2 ᠭᠡᠷᠡᠭ ᠪᠤᠢ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ | ᠮᠡᠳᠡᠬᠦᠯᠦᠯᠳᠠ ᠨᠢ ᠤᠯᠠᠨ ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ 57 | ᠭᠡᠷᠡᠭ᠂ ᠤᠰᠤᠨ ᠤ ᠪᠤᠬᠢᠷᠳᠤᠯ 32 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ 17 ᠭᠡᠷᠡᠭ᠂ ᠬᠦᠷᠦᠰᠦ | ᠰᠢᠷᠤᠢ ᠶᠢᠨ ᠪᠤᠬᠢᠷᠳᠤᠯ 22 ᠭᠡᠷᠡᠭ᠂ ᠠᠮᠢ ᠠᠬᠤᠢ ᠶᠢᠨ ᠪᠤᠬᠢᠷᠳᠤᠯ 22 ᠭᠡᠷᠡᠭ᠂ ᠰᠠᠴᠤᠷᠠᠭᠳᠤ ᠪᠤᠳᠠᠰ ᠤᠨ | ᠪᠤᠬᠢᠷᠳᠤᠯ 1 ᠭᠡᠷᠡᠭ᠂ ᠪᠤᠰᠤᠳ ᠪᠤᠬᠢᠷᠳᠤᠯ 5 ᠭᠡᠷᠡᠭ ᠪᠤᠢ᠃ | ᠲᠤᠬᠢᠷᠠᠭᠤᠯᠤᠯᠳᠠ ᠶᠤᠰᠤᠭᠠᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ | ᠪᠠᠶᠢᠴᠠᠭᠠᠬᠤ ᠬᠤᠶᠠᠳᠤᠭᠠᠷ ᠲᠤᠭᠤᠢᠢᠯᠠᠩ ᠤᠨ ᠰᠠᠭᠤᠬᠤ ᠬᠤᠭᠤᠴᠠᠭ᠎ᠠ ᠨᠢ 1 ᠰᠠᠷ᠎ᠠ ᠪᠤᠯᠤᠨ᠎ᠠ᠃ ᠰᠠᠭᠤᠬᠤ | ᠬᠤᠭᠤᠴᠠᠭᠠᠨ ᠳᠠᠬᠢ ︵6 ᠳ᠋ᠤᠭᠠᠷ ᠰᠠᠷ᠎ᠠ ᠶᠢᠨ 6 ᠤ ᠡᠳᠦᠷ — 7 ᠳ᠋ᠤᠭᠠᠷ ᠰᠠᠷ᠎ᠠ ᠶᠢᠨ 6 ᠤ ᠡᠳᠦᠷ︶ ᠲᠤᠰᠬᠠᠢ | ᠵᠢᠵᠢᠬᠦᠷ ᠤᠳᠠᠰᠤ᠄ 0471 — 6960015᠂ ᠲᠤᠰᠬᠠᠢ ᠰᠢᠤᠳᠠᠨ ᠵᠠᠬᠢᠳᠠᠯ ᠤᠨ ᠬᠠᠶᠢᠷᠴᠠᠭ᠄ ᠥᠪᠦᠷ | ᠮᠤᠩᠭᠤᠯ ᠤᠨ ᠬᠦᠬᠡᠬᠤᠳᠠ ᠶᠢᠨ 2588 ᠨᠤᠮᠧᠷᠳᠦ ᠰᠢᠤᠳᠠᠨ ᠬᠠᠶᠢᠷᠴᠠᠭ ᠢ ᠭᠠᠷᠭᠠᠪᠠ᠃ ᠰᠢᠮᠳᠠᠭᠤᠯᠤᠨ | ᠪᠠᠶᠢᠴᠠᠭᠠᠬᠤ ᠲᠤᠭᠤᠢᠢᠯᠠᠩ ᠤᠨ ᠢᠯᠡᠴᠢᠯᠡᠨ ᠮᠡᠳᠡᠬᠦᠯᠬᠦ ᠤᠳᠠᠰᠤ ᠶᠢ ᠬᠦᠯᠢᠶᠡᠨ ᠠᠪᠬᠤ ᠴᠠᠭ ᠨᠢ ᠡᠳᠦᠷ ᠪᠦᠷᠢ ᠶᠢᠨ | 8᠄ 00 — 20᠄ 00 ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠱᠠᠭᠠᠷᠳᠠᠯᠭ᠎ᠠ ᠪᠠ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠦ᠂ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ | ᠭᠤᠤᠯᠳᠠᠭᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠠᠯ᠎ᠠ ᠪᠠᠷ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠬᠦᠯᠦᠯᠳᠠ ᠶᠢ ᠬᠦᠯᠢᠶᠡᠨ ᠠᠪᠤᠨ᠎ᠠ᠃ | ᠬᠦᠯᠢᠶᠡᠨ ᠠᠪᠬᠤ ᠬᠡᠪᠴᠢᠶᠠᠨ ᠳᠤ ᠬᠠᠷᠢᠶᠠᠯᠠᠬᠳᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ | ᠲᠤᠭᠳᠠᠭᠠᠯ ᠶᠤᠰᠤᠭᠠᠷ ᠰᠢᠮᠳᠠᠭᠤᠯᠤᠨ ᠪᠠᠶᠢᠴᠠᠭᠠᠬᠤ ᠭᠠᠵᠠᠷ ᠤᠷᠤᠨ᠂ ᠨᠢᠭᠡᠴᠡ ᠪᠠ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠲᠤᠰᠢᠶᠠᠨ ᠰᠢᠢᠳᠪᠤᠷᠢᠯᠡᠬᠦᠯᠦᠨᠠ᠃ |