ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠲᠤᠭᠤᠶᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠲᠤᠯᠤᠳᠤᠭᠠᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠬᠦᠯᠦᠭᠰᠡᠨ ᠭᠡᠷᠡᠭ ᠢ ᠲᠤᠰᠢᠶᠠᠨ ᠰᠢᠢᠳᠪᠤᠷᠢᠯᠡᠬᠦᠯᠬᠦ ᠪᠠᠷ ᠪᠤᠯᠪᠠ
ᠨᠡᠶᠢᠲᠡᠯᠡᠭᠰᠡᠨ ᠴᠠᠭ᠄
2018/6/14
     6 ᠳ᠋ᠤᠭᠠᠷ ᠰᠠᠷ᠎ᠠ ᠶᠢᠨ 13᠎ ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠲᠤᠯᠤᠳᠤᠭᠠᠷ ᠪᠦᠯᠦᠭ ᠤᠨ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 92 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 78 ᠭᠡᠷᠡᠭ᠂ ᠵᠠᠬᠢᠳᠠᠯ ᠢᠶᠠᠷ ᠢᠯᠡᠴᠢᠯᠡᠨ ᠮᠡᠳᠡᠬᠦᠯᠦᠭᠰᠡᠨ 14 ᠭᠡᠷᠡᠭ︶᠎ ᠢ ᠲᠤᠰᠢᠶᠠᠨ ᠰᠢᠢᠳᠪᠤᠷᠢᠯᠡᠬᠦᠯᠬᠦ ᠪᠠᠷ ᠪᠤᠯᠪᠠ᠃      ᠤᠷᠤᠨ ᠪᠦᠰᠡ ᠶᠢᠨ ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 39 ᠭᠡᠷᠡᠭ᠂ ᠤᠯᠠᠭᠠᠨᠬᠠᠳᠠ ᠬᠤᠳᠠ ᠶᠢᠨ 12 ᠭᠡᠷᠡᠭ᠂ ᠤᠷᠳᠤᠰ ᠬᠤᠳᠠ ᠶᠢᠨ 9 ᠭᠡᠷᠡᠭ᠂ ᠪᠤᠭᠤᠳᠤ ᠬᠤᠳᠠ᠂ ᠰᠢᠯᠢ ᠶᠢᠨ ᠭᠤᠤᠯ ᠠᠶᠢᠮᠠᠬ ᠶᠢᠨ ᠲᠤᠰ ᠲᠤᠰ 8 ᠭᠡᠷᠡᠭ᠂ ᠲᠦᠩᠯᠢᠶᠤᠤ ᠬᠤᠳᠠ ᠶᠢᠨ 6 ᠭᠡᠷᠡᠭ᠂ ᠦᠬᠠᠢ ᠬᠤᠳᠠ᠂ ᠤᠯᠠᠭᠠᠨᠴᠠᠪ ᠬᠤᠳᠠ ᠶᠢᠨ ᠲᠤᠰ ᠲᠤᠰ 3 ᠭᠡᠷᠡᠭ᠂ ᠬᠦᠯᠦᠨ ᠪᠤᠶᠢᠷ ᠬᠤᠳᠠ᠂ ᠬᠢᠩᠭᠠᠨ ᠠᠶᠢᠮᠠᠬ ᠤᠨ ᠲᠤᠰ ᠲᠤᠰ 2 ᠭᠡᠷᠡᠭ ᠪᠤᠢ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ ᠮᠡᠳᠡᠬᠦᠯᠦᠯᠳᠠ ᠨᠢ ᠤᠯᠠᠨ ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ 50 ᠭᠡᠷᠡᠭ᠂ ᠤᠰᠤᠨ ᠤ ᠪᠤᠬᠢᠷᠳᠤᠯ 20 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ 22 ᠭᠡᠷᠡᠭ᠂ ᠬᠦᠷᠦᠰᠦ ᠰᠢᠷᠤᠢ ᠶᠢᠨ ᠪᠤᠬᠢᠷᠳᠤᠯ 19 ᠭᠡᠷᠡᠭ᠂ ᠠᠮᠢ ᠠᠬᠤᠢ ᠶᠢᠨ ᠪᠤᠬᠢᠷᠳᠤᠯ 25 ᠭᠡᠷᠡᠭ᠂ ᠪᠤᠰᠤᠳ ᠪᠤᠬᠢᠷᠳᠤᠯ 5 ᠭᠡᠷᠡᠭ ᠪᠤᠢ᠃      ᠲᠤᠬᠢᠷᠠᠭᠤᠯᠤᠯᠳᠠ ᠶᠤᠰᠤᠭᠠᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠲᠤᠭᠤᠶᠢᠯᠠᠩ ᠤᠨ ᠰᠠᠭᠤᠬᠤ ᠬᠤᠭᠤᠴᠠᠭ᠎ᠠ ᠨᠢ 1 ᠰᠠᠷ᠎ᠠ ᠪᠤᠯᠤᠨ᠎ᠠ᠃ ᠰᠠᠭᠤᠬᠤ ᠬᠤᠭᠤᠴᠠᠭᠠᠨ ᠳᠠᠬᠢ ︵6 ᠳ᠋ᠤᠭᠠᠷ ᠰᠠᠷ᠎ᠠ ᠶᠢᠨ 6᠎ ᠤ ᠡᠳᠦᠷ — 7 ᠳ᠋ᠤᠭᠠᠷ ᠰᠠᠷ᠎ᠠ ᠶᠢᠨ 6᠎ ᠤ ᠡᠳᠦᠷ︶ ᠲᠤᠰᠬᠠᠢ ᠵᠢᠵᠢᠬᠦᠷ ᠤᠳᠠᠰᠤ᠄ 0471 — 6960015᠂ ᠲᠤᠰᠬᠠᠢ ᠰᠢᠤᠳᠠᠨ ᠵᠠᠬᠢᠳᠠᠯ ᠤᠨ ᠬᠠᠶᠢᠷᠴᠠᠭ᠄ ᠥᠪᠦᠷ ᠮᠤᠩᠭᠤᠯ ᠤᠨ ᠬᠦᠬᠡᠬᠤᠳᠠ ᠶᠢᠨ 2588 ᠨᠤᠮᠧᠷᠳᠦ ᠰᠢᠤᠳᠠᠨ ᠬᠠᠶᠢᠷᠴᠠᠭ ᠢ ᠭᠠᠷᠭᠠᠪᠠ᠃ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠢᠯᠡᠴᠢᠯᠡᠨ ᠮᠡᠳᠡᠬᠦᠯᠬᠦ ᠤᠳᠠᠰᠤ ᠶᠢ ᠬᠦᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 — 20᠄ 00 ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠠ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠭᠤᠤᠯᠳᠠᠭᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠪᠠᠷ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠬᠦᠯᠦᠯᠳᠠ ᠶᠢ ᠬᠦᠯᠢᠶᠡᠨ ᠠᠪᠤᠨ᠎ᠠ᠃ ᠬᠦᠯᠢᠶᠡᠨ ᠠᠪᠬᠤ ᠬᠡᠪᠴᠢᠶᠠᠨ ᠳᠤ ᠬᠠᠷᠢᠶᠠᠯᠠᠬᠳᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠭᠳᠠᠭᠠᠯ ᠶᠤᠰᠤᠭᠠᠷ ᠰᠢᠮᠳᠠᠭᠤᠯᠤᠨ ᠪᠠᠶᠢᠴᠠᠭᠠᠬᠤ ᠭᠠᠵᠠᠷ ᠤᠷᠤᠨ᠂ ᠨᠢᠭᠡᠴᠡ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠨ ᠰᠢᠢᠳᠪᠤᠷᠢᠯᠡᠬᠦᠯᠦᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号