1 - 5 ᠳ᠋ᠤᠭᠠᠷ ᠰᠠᠷ᠎ᠠ ᠳᠤ᠂ ᠥᠪᠥᠷ ᠮᠣᠩᠭᠤᠯ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ 14 ᠲᠦᠮᠡᠨ ᠡᠷᠦᠬᠡ ᠳᠠᠩᠰᠠᠯᠠᠵᠠᠢ
ᠨᠡᠶᠢᠲᠡᠯᠡᠭᠰᠡᠨ ᠴᠠᠭ᠄
2018/6/14
     ᠡᠨᠡ ᠵᠢᠯ ᠤᠨ 1 - 5 ᠳ᠋ᠤᠭᠠᠷ ᠰᠠᠷ᠎ᠠ ᠳᠤ᠂ ᠪᠦᠬᠦ ᠣᠷᠣᠨ ᠤ ᠰᠢᠨ᠎ᠡ ᠪᠠᠷ ᠳᠠᠩᠰᠠᠯᠠᠭᠤᠯᠤᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 14 ᠲᠦᠮᠡᠨ ᠡᠷᠦᠬᠡ ᠳᠤ ᠬᠦᠷᠴᠦ᠂ ᠳᠠᠩᠰᠠᠯᠠᠭᠤᠯᠤᠭᠰᠠᠨ ᠬᠦᠷᠦᠩᠭᠡ ︵ᠮᠥᠩᠭᠦ︶ 2080.96 ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ᠄ ᠳᠣᠲᠣᠭᠠᠳᠤ ᠪᠡᠯᠡ ᠶᠢᠨ ᠠᠵᠤ ᠠᠬᠤᠶᠢᠯᠠᠯ 3.1 ᠲᠦᠮᠡᠨ ᠡᠷᠦᠬᠡ ︵ᠰᠠᠯᠪᠤᠷᠢ ᠪᠠᠶᠢᠭᠤᠯᠤᠮᠵᠢ ᠪᠠᠭᠲᠠᠨ᠎ᠠ︶ ᠪᠠᠶᠢᠵᠤ᠂ ᠳᠠᠩᠰᠠᠯᠠᠭᠤᠯᠤᠭᠰᠠᠨ ᠬᠦᠷᠦᠩᠭᠡ ᠨᠢ ︵ᠮᠥᠩᠭᠦ︶1888.75 ᠳ᠋ᠦᠩᠰᠢᠭᠤᠷ ᠲᠥᠭᠦᠷᠢᠭ ᠪᠣᠯᠵᠠᠢ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 72 ᠡᠷᠦᠬᠡ ᠪᠠᠶᠢᠵᠤ᠂ ᠳᠠᠩᠰᠠᠯᠠᠭᠤᠯᠤᠭᠰᠠᠨ ᠬᠦᠷᠦᠩᠭᠡ ᠨᠢ 5.49 ᠳ᠋ᠦᠩᠰᠢᠭᠤᠷ ᠠᠷᠠᠳ ᠤᠨ ᠲᠥᠭᠦᠷᠢᠭ ᠪᠣᠯᠵᠠᠢ︔ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 10.5 ᠲᠦᠮᠡᠨ ᠡᠷᠦᠬᠡ ᠪᠠᠶᠢᠵᠤ᠂ ᠪᠡᠯᠡ ᠮᠥᠩᠭᠦᠨ ᠤ ᠲᠤᠭ᠎ᠠ ᠨᠢ 121.5 ᠳ᠋ᠦᠩᠰᠢᠭᠤᠷ ᠲᠥᠭᠦᠷᠢᠭ ᠪᠣᠯᠵᠠᠢ︔ ᠲᠠᠷᠢᠶᠠᠴᠢᠨ ᠤ ᠲᠤᠰᠬᠠᠶ  ᠬᠤᠷᠰᠢᠶ᠎ᠠ 3062 ᠡᠷᠦᠬᠡ ᠪᠠᠶᠢᠵᠤ᠂ ᠪᠡᠯᠡ ᠭᠠᠷᠭᠠᠭᠰᠠᠨ ᠪᠦᠬᠦ ᠲᠤᠭ᠎ᠠ ᠨᠢ 65.22 ᠳ᠋ᠦᠩᠰᠢᠭᠤᠷ ᠲᠥᠭᠦᠷᠢᠭ ᠪᠣᠯᠵᠠᠢ᠃ 5 ᠳ᠋ᠤᠭᠠᠷ ᠰᠠᠷ᠎ᠠ ᠶᠢᠨ ᠡᠴᠦᠰ ᠲᠤ᠂ ᠪᠥᠬᠦ ᠣᠷᠣᠨ ᠤ ᠪᠣᠳᠠᠲᠠᠶ ᠪᠠᠶᠢᠭ᠎ᠠ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 191.8 ᠲᠦᠮᠡᠨ ᠡᠷᠦᠬᠡ ᠪᠣᠯᠵᠤ᠂ ᠳᠠᠩᠰᠠᠯᠠᠭᠤᠯᠤᠭᠰᠠᠨ ᠬᠦᠷᠦᠩᠭᠡ ᠨᠢ ︵ᠮᠥᠩᠭᠦ︶ 46842.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 5.5% ᠪᠠ 12.46% ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号