ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠵᠤ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠤᠨ ᠬᠤᠷᠠᠯ ᠥᠪᠥᠷ ᠮᠣᠩᠭᠤᠯ ᠳᠤ ᠡᠬᠢᠯᠡᠵᠡᠢ  ᠭᠤᠷᠪᠠᠨ ᠤᠯᠤᠰ ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2018/6/14
     6 ᠳ᠋ᠤᠭᠠᠷ ᠰᠠᠷ᠎ᠠ ᠶᠢᠨ 13᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠵᠤ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠤᠨ ᠬᠤᠷᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠰᠢᠶᠠᠨ ᠬᠤᠲᠠ ᠳᠤ ᠡᠬᠢᠯᠡᠪᠡ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ 200 ᠭᠠᠷᠤᠶ ᠠᠵᠤ ᠠᠬᠤᠶᠢᠯᠠᠯ ᠤᠨ ᠡᠲᠡᠭᠡᠳ ᠤᠨ ᠬᠥᠮᠦᠰ ᠵᠢᠴᠢ ᠲᠥᠯᠥᠭᠡᠯᠡᠭᠴᠢ ᠬᠤᠷᠠᠯ ᠳᠤ ᠣᠷᠣᠯᠴᠠᠵᠠᠶ᠂ ᠭᠤᠷᠪᠠᠨ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠬᠤᠷᠠᠯ ᠨᠢ ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠵᠠᠢ᠃ ᠳᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽ᠬᠠᠮᠲᠤ ᠪᠠᠷ ᠪᠠᠶᠢᠭᠤᠯᠵᠤ ᠬᠠᠮᠲᠤᠪᠠᠷ ᠬᠦᠷᠲᠡᠬᠦ᠂ ᠬᠠᠮᠲᠤᠷᠠᠨ  ᠠᠵᠢᠯᠯᠠᠵᠤ ᠬᠠᠮᠲᠤ ᠪᠠᠷ ᠠᠰᠢᠭ ᠬᠦᠷᠳᠡᠬᠦ︾᠎ ᠪᠠᠷ ᠭᠤᠣᠯ ᠰᠡᠳᠦᠪ ᠪᠣᠯᠭᠠᠵᠤ᠂ ︽ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ︾᠂ ︽ᠧᠦ᠋ᠷᠣᠫᠠ ᠠᠽᠢᠶ᠎ᠠ ᠶᠢ ᠰᠤᠨᠳᠠᠯᠠᠭᠰᠠᠨ ᠬᠥᠭᠵᠢᠯᠲᠡ ᠶᠢᠨ ᠪᠦᠰᠡ︾᠂ ︽ᠲᠠᠯ᠎ᠠ ᠨᠤᠲᠤᠭ ᠤᠨ ᠲᠣᠷᠭᠠᠨ ᠵᠠᠮ︾ ᠵᠡᠷᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠤᠨ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃      ᠥᠪᠥᠷ ᠮᠣᠩᠭᠤᠯ ᠤᠨ ᠠᠷᠠᠯᠵᠢᠶ᠎ᠠ ᠠᠬᠢᠭᠤᠯᠬᠤ ᠨᠡᠶᠢᠭᠡᠮᠯᠢᠭ ᠤᠨ ᠳᠠᠷᠤᠭ᠎ᠠ ᠯᠢᠦ ᠲᠢᠩ ᠱᠠᠨ ᠡᠬᠢᠯᠡᠯᠲᠡ ᠶᠢᠨ ᠶᠣᠰᠣᠯᠠᠯ ᠳᠡᠭᠡᠷ᠎ᠡ ᠲᠠᠨᠢᠯᠴᠠᠭᠤᠯᠤᠭᠰᠠ ᠨᠢ᠂ ᠲᠤᠰ ᠤᠳᠠᠭᠠᠨ ᠤ ᠬᠤᠷᠠᠯ ᠨᠢ ᠤᠯᠠᠨ ᠲᠠᠯᠠᠲᠤ ᠪᠠ ᠬᠤᠶᠠᠷ ᠲᠠᠯᠠᠲᠤ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠦᠨ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠤᠷᠤᠯᠴᠠᠬᠤ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ᠂ ᠳᠤᠮᠳᠠᠳᠤ ᠣᠷᠣᠰ ᠮᠣᠩᠭᠤᠯ ᠤᠨ ᠣᠷᠣᠨ ᠪᠦᠰᠡ ᠶᠢᠨ ᠳᠣᠲᠣᠷᠠᠬᠢ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠳᠥᠭᠦᠮᠴᠢᠯᠡᠯᠲᠡ ᠶᠢ ᠬᠠᠮᠲᠤ ᠪᠠᠷ ᠲᠦᠯᠬᠢᠨ ᠠᠬᠢᠭᠤᠯᠬᠤ︔ ᠭᠠᠵᠠᠷ ᠣᠷᠣᠨ ᠤ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠵᠡᠷᠭᠡ ᠳᠡᠰ ᠢ ᠨᠢ ᠳᠡᠭᠡᠭᠰᠢᠯᠡᠭᠦᠯᠦᠨ᠂ ᠳᠤᠮᠳᠠᠳᠤ ᠣᠷᠣᠰ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ︔ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠦᠷᠭᠡᠳᠬᠡᠨ᠂ ᠣᠷᠴᠢᠨ ᠲᠤᠭᠤᠷᠢᠨ ᠢ ᠬᠠᠮᠠᠭᠠᠯᠠᠬᠤ ᠬᠦᠷᠢᠶᠡᠨ ᠳᠠᠬᠢ ᠬᠠᠮᠲᠤᠷᠠᠯᠴᠠᠭ᠎ᠠ ᠠᠬᠢᠭᠤᠯᠬᠤ︔ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠦᠨ᠂ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠲᠠᠪᠤᠨ ᠵᠥᠪᠯᠡᠬᠦ ᠰᠡᠳᠦᠪ ᠤᠨ ᠲᠤᠭᠤᠷᠢᠨ ᠳᠤ ᠰᠤᠳᠤᠯᠤᠨ ᠶᠠᠷᠢᠯᠴᠠᠪᠠ ᠭᠡᠵᠡᠢ᠃      ᠡᠬᠢᠯᠡᠬᠦ ᠶᠤᠰᠤᠯᠠᠯ ᠤᠨ ᠠᠬᠤᠢ ᠲᠠᠯᠠᠪᠠᠢ ᠳᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠨᠡᠶᠢᠭᠡᠮᠯᠢᠭ ᠨᠢ ᠳᠠᠷᠠᠭᠠᠴᠢ ᠶᠢᠨ ᠠᠯᠬᠤᠮ ᠤᠨ ᠭᠦᠨᠵᠡᠭᠡᠶ ᠬᠠᠮᠲᠤᠷᠠᠯᠴᠠᠭ᠎ᠠ ᠶᠢᠨ ᠲᠤᠬᠠᠢ ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾᠎ ᠲᠤ ᠭᠠᠷ ᠤᠨ ᠦᠰᠦᠭ ᠵᠢᠷᠤᠵᠠᠢ᠃      ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠴᠧᠨ ᠵᠧᠦ ᠢᠯᠡᠳᠬᠡᠭᠰᠡᠨ ᠨᠢ᠂ ᠳᠤᠮᠳᠠᠳᠤ ᠤᠷᠤᠰ ᠮᠣᠩᠭᠤᠯ ᠭᠤᠷᠪᠠᠨ ᠤᠯᠤᠰ ᠡᠬᠢ ᠪᠠᠶᠠᠯᠢᠭ᠂ ᠠᠵᠤ ᠦᠢᠯᠡᠰ ᠤᠨ ᠪᠦᠲᠦᠴᠡ ᠵᠡᠷᠭᠡ ᠲᠠᠯ᠎ᠠ ᠪᠠᠷ ᠥᠪᠡᠷ ᠥᠪᠡᠷ ᠤᠨ ᠳᠠᠪᠠᠭᠤᠯᠢᠭ ᠲᠠᠢ ᠪᠠᠶᠢᠵᠤ᠂ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ ᠪᠠᠶᠢᠳᠠᠭ᠃ ᠳᠤᠮᠳᠠᠳᠤ ᠤᠯᠤᠰ ᠨᠡᠭᠡᠭᠡᠯᠲᠡ ᠶᠢᠨ ᠶᠡᠭᠡ ᠡᠭᠦᠳᠡ ᠪᠠᠨ ᠤᠯᠠᠮ ᠠᠴᠠ ᠤᠯᠠᠮ ᠶᠡᠬᠡᠰᠬᠡᠬᠦ ᠠᠴᠠ ᠪᠢᠰᠢ᠂ ᠬᠠᠭᠠᠬᠤ ᠦᠭᠡᠢ ᠶᠤᠮ᠂ ᠢᠷᠡᠭᠡᠳᠦᠢ ᠳᠤ ᠳᠤᠮᠳᠠᠳᠤ ᠤᠯᠤᠰ ᠨᠢ ᠮᠣᠩᠭᠤᠯ ᠤᠯᠤᠰ᠂ ᠤᠷᠤᠰ ᠢ ᠪᠠᠭᠲᠠᠭᠠᠭᠰᠠᠨ ᠳᠡᠯᠡᠬᠡᠶ ᠶᠢᠨ ᠡᠯ᠎ᠡ ᠤᠯᠤᠰ ᠲᠤ ᠰᠢᠨ᠎ᠡ ᠠᠵᠠ ᠲᠣᠬᠢᠶᠠᠯ ᠠᠪᠴᠢᠷᠠᠵᠤ ᠦᠭᠬᠦ ᠪᠤᠯᠤᠨ᠎ᠠ ᠭᠡᠵᠡᠢ᠃      ᠤᠶᠢᠯᠠᠭᠠᠭᠰᠠᠨ ᠢᠶᠠᠷ᠂ ᠠᠵᠢᠯᠯᠠᠭ᠎ᠠ ᠨᠢ ᠪᠠᠰᠠ ᠳᠤᠮᠳᠠᠳᠤ ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠵᠤᠯᠭᠠᠯᠲᠠ ᠶᠢᠨ ᠬᠤᠷᠠᠯ᠂ ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠵᠤᠯᠭᠠᠯᠲᠠ ᠶᠢᠨ ᠬᠤᠷᠠᠯ᠂ ᠳᠤᠮᠳᠠᠳᠤ ᠣᠷᠣᠰ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ ᠶᠢᠨ ᠰᠤᠳᠤᠯᠤᠨ ᠶᠠᠷᠢᠯᠴᠠᠬᠤ ᠬᠤᠷᠠᠯ ᠵᠡᠷᠭᠡ ᠶᠢ ᠡᠷᠬᠢᠯᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号