ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠷᠢᠭᠤᠴᠠᠯᠭᠠᠲᠠᠨ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾᠎ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2018-06-14
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃      ᠠᠰᠠᠭᠤᠯᠲᠠ᠄ ︽ᠰᠠᠨᠠᠯ︾᠎ ᠢ ᠲᠣᠭᠲᠠᠭᠠᠭᠰᠠᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽13 · 5︾᠎ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢᠨ ᠲᠣᠳᠣᠷᠬᠠᠶᠢᠯᠠᠯᠲᠠ ᠳᠤ᠂ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠪᠦᠬᠦ ᠲᠠᠯ᠎ᠠ ᠶᠢ ᠬᠠᠮᠤᠷᠤᠭᠰᠠᠨ ᠳ᠋ᠠᠶᠢᠲ᠋ᠠ ᠶᠢ ᠴᠤᠭᠯᠠᠭᠤᠯᠬᠤ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠬᠤᠷᠸ᠎ᠠ ᠲᠣᠬᠢᠷᠠᠭᠤᠯᠤᠯᠲᠠ ᠶᠢ ᠴᠢᠩᠭᠠᠳᠬᠠᠬᠤ ᠪᠠ ᠰᠠᠶᠢᠵᠢᠷᠠᠭᠤᠯᠵᠤ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ︾ ᠭᠡᠵᠦ ᠵᠢᠭᠠᠭᠰᠠᠨ ᠤ ᠬᠠᠮᠲᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷ᠎ᠡ᠂ ︽ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠪᠠ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠠᠬᠢᠭᠤᠯᠵᠤ᠂ ᠤᠯᠤᠰ ᠤᠨ ᠮᠥᠩᠭᠦᠨ ᠭᠦᠢᠯᠭᠡᠭᠡᠨ ᠤ ᠨᠢᠭᠡᠳᠦᠯᠲᠡᠢ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠳ᠋ᠠᠶᠢᠲ᠋ᠠ ᠶᠢᠨ ᠪᠠᠷᠢᠮᠵᠢᠶ᠎ᠠ ᠨᠢ ᠨᠢᠭᠡᠳᠦᠯ ᠦᠭᠡᠢ᠂ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠡᠷᠡᠭᠯᠡᠬᠦ ᠳᠤ ᠬᠦᠴᠢᠷᠲᠡᠢ ᠵᠡᠷᠭᠡ ᠠᠰᠠᠭᠤᠳᠠᠯ ᠶᠢ ᠰᠢᠢᠳᠪᠦᠷᠢᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠶᠢᠨ ᠶᠠᠷᠢᠶ᠎ᠠ ᠨᠢ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠬᠠᠨᠳᠤᠰᠢ ᠶᠢ ᠵᠢᠭᠠᠨ ᠭᠠᠷᠭᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠢᠷᠤᠮᠯᠠᠯ ᠪᠣᠯᠵᠠᠢ᠃      2008 ᠣᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠠᠷᠠᠳ ᠤᠨ ᠪᠠᠩᠬᠢ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠢ ᠵᠣᠬᠢᠶᠠᠨ ᠪᠠᠶᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠰᠠᠭᠤᠷᠢᠯᠠᠬᠤ ᠴᠢᠨᠠᠷᠲᠠᠢ ᠠᠯᠢ ᠣᠯᠠᠨ ᠠᠵᠢᠯ ᠢ ᠥᠷᠨᠢᠭᠦᠯᠪᠡ᠂ ᠵᠢᠱᠢᠶᠡᠯᠡᠪᠡᠯ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠭᠤᠷᠢ ᠣᠨᠣᠯ ᠤᠨ ᠰᠤᠳᠤᠯᠭᠠᠨ ᠪᠠ ᠬᠡᠷᠡᠭᠯᠡᠭᠡᠨ ᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠲᠤᠷᠰᠢᠯᠲᠠ ᠶᠢᠨ ᠴᠢᠭ᠋ ᠢ ᠥᠷᠨᠢᠭᠦᠯᠬᠦ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠪᠦᠷᠢᠳᠬᠡᠬᠦ ᠪᠠ ᠨᠡᠶᠢᠲᠡᠯᠡᠬᠦ᠂ ᠬᠤᠷᠸ᠎ᠠ ᠲᠠᠯ᠎ᠠ ᠶᠢᠨ ᠬᠥᠰᠢᠭᠦᠷᠭᠡ ᠶᠢᠨ ᠨᠣᠷᠮ᠎ᠠ ᠶᠢᠨ ᠬᠡᠮᠵᠢᠨ ᠪᠣᠳᠣᠯᠲᠠ ᠶᠢ ᠥᠷᠨᠢᠭᠦᠯᠬᠦ ᠭᠡᠬᠦ ᠮᠡᠲᠦ᠃      ᠠᠯᠢ ᠣᠯᠠᠨ ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠰᠦᠪᠡᠭᠴᠢᠯᠡᠯᠲᠡ ᠳᠤ ᠢᠯᠡᠷᠡᠭᠦᠯᠦᠭᠰᠡᠨ ᠢᠶᠠᠷ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ᠂ ᠠᠷᠭ᠎ᠠ ᠰᠤᠪᠢᠵᠤ ᠳᠣᠣᠷᠠᠬᠢ ᠠᠰᠠᠭᠤᠳᠠᠯ ᠤᠳ ᠢ ᠰᠢᠢᠳᠪᠦᠷᠢᠯᠡᠬᠦ ᠬᠡᠷᠡᠭᠲᠡᠢ᠄ ᠪᠦᠷᠢᠳᠬᠡᠬᠦ ᠪᠠᠷᠢᠮᠵᠢᠶ᠎ᠠ ᠶᠢ ᠤᠷᠢᠳ ᠢᠶᠠᠷ ᠬᠡᠷᠡᠭᠵᠢᠭᠦᠯᠵᠦ᠂ ᠳ᠋ᠠᠶᠢᠲ᠋ᠠ ᠶᠢ ᠵᠣᠬᠢᠶᠠᠨ ᠪᠠᠶᠢᠭᠤᠯᠬᠤ ᠳᠤ ᠲᠥᠪᠯᠡᠷᠡᠭᠦᠯᠦᠨ᠂ ᠬᠢᠨᠠᠨ ᠰᠢᠨᠵᠢᠬᠦ ᠬᠦᠷᠢᠶ᠎ᠡ ᠴᠠᠷᠠᠭ᠎ᠠ ᠶᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠪᠠᠷᠠᠭᠠᠯᠬᠢᠯᠠᠨ᠂ ᠬᠠᠮᠲᠤ ᠪᠠᠷ ᠬᠦᠷᠲᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠪᠦᠬᠦ ᠨᠡᠶᠢᠭᠡᠮ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠥᠷᠢᠲᠦᠵᠦ ᠪᠠᠶᠢᠭ᠎ᠠ ᠬᠡᠪᠴᠢᠶ᠎ᠡ᠂ ᠪᠡᠯᠡ ᠮᠥᠩᠭᠦ ᠶᠢᠨ ᠭᠦᠢᠯᠭᠡᠭᠡᠨ ᠤ ᠬᠠᠨᠳᠤᠰᠢ ᠪᠠ ᠬᠤᠷᠸ᠎ᠠ ᠲᠠᠯ᠎ᠠ ᠶᠢᠨ ᠬᠥᠰᠢᠭᠦᠷᠭᠡ ᠶᠢᠨ ᠬᠢᠷᠢ ᠲᠦᠪᠰᠢᠨ ᠢ ᠡᠵᠡᠮᠳᠡᠬᠦ ᠪᠠᠷ ᠪᠠᠷᠠᠬᠤ ᠦᠭᠡᠢ᠂ ᠰᠣᠯᠢᠪᠴᠠᠯ ᠤᠨ ᠴᠢᠨᠠᠷᠲᠠᠢ ᠮᠥᠩᠭᠦᠨ ᠭᠦᠢᠯᠭᠡᠭᠡᠨ ᠤ ᠠᠵᠢᠯᠯᠠᠭ᠎ᠠ᠂ ᠰᠢᠰᠲ᠋ᠧᠮ ᠨᠢ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠮᠥᠩᠭᠦᠨ ᠭᠦᠢᠯᠭᠡᠭᠡᠨ ᠤ ᠰᠲ᠋ᠣᠺ ᠡᠵᠡᠮᠰᠢᠬᠦ ᠺᠣᠮᠫᠠᠨᠢ ᠵᠡᠷᠭᠡ ᠵᠠᠩᠭᠢᠯᠠᠭ᠎ᠠ ᠶᠢᠨ ᠴᠢᠭ᠋ ᠲᠠᠬᠢ ᠲᠦᠭᠰᠢᠭᠦᠷᠢ ᠶᠢ ᠰᠡᠷᠡᠮᠵᠢᠯᠡᠭᠦᠯᠬᠦ ᠳ᠋ᠠᠶᠢᠲ᠋ᠠ ᠨᠢ ᠭᠦᠢᠴᠡᠳ ᠦᠭᠡᠢ ᠵᠡᠷᠭᠡ ᠶᠢ ᠭᠤᠣᠯᠳᠠᠯᠭ᠎ᠠ ᠲᠠᠢ ᠰᠢᠢᠳᠪᠦᠷᠢᠯᠡᠵᠦ᠂ ᠪᠠᠰᠠ ᠮᠥᠩᠭᠦᠨ ᠭᠦᠢᠯᠭᠡᠭᠡ ᠪᠠᠷ ᠤᠯᠤᠰ ᠠᠷᠠᠳ ᠤᠨ ᠠᠵᠤ ᠠᠬᠤᠢ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳ᠋ᠠᠶᠢᠲ᠋ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃      ︽ᠰᠠᠨᠠᠯ︾᠎ ᠢ ᠡᠶᠢᠮᠦᠷᠬᠦᠦ ᠠᠬᠤᠢ ᠪᠠᠶᠢᠳᠠᠯ ᠳᠣᠣᠷ᠎ᠠ ᠲᠣᠭᠲᠠᠭᠠᠪᠠ᠂ ᠲᠡᠷᠡ ᠨᠢ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠬᠠᠷᠠᠯᠲᠠ᠂ ᠠᠭᠤᠯᠭ᠎ᠠ ᠪᠠ ᠠᠷᠭ᠎ᠠ ᠵᠠᠮ ᠤᠨ ᠪᠦᠬᠦ ᠲᠠᠯ᠎ᠠ ᠶᠢᠨ ᠲᠥᠯᠥᠪᠵᠢᠭᠦᠯᠭᠡ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠳᠦᠷᠢᠮ ᠤᠨ ᠪᠠᠲᠤᠯᠠᠭ᠎ᠠ ᠪᠠᠶᠢᠵᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠣᠳᠣᠬᠠᠨ ᠤ ᠲᠤᠯᠭᠠᠮ᠎ᠠ ᠱᠠᠭᠠᠷᠳᠠᠯᠭ᠎ᠠ ᠲᠠᠢ ᠨᠡᠶᠢᠴᠡᠵᠦ ᠪᠠᠶᠢᠬᠤ ᠪᠠᠷ ᠪᠠᠷᠠᠬᠤ ᠦᠭᠡᠢ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠠᠯᠤᠰ ᠬᠡᠳᠦ ᠶᠢᠨ ᠱᠠᠭᠠᠷᠳᠠᠯᠭ᠎ᠠ ᠲᠠᠢ ᠨᠡᠶᠢᠴᠡᠵᠦ ᠪᠠᠶᠢᠨ᠎ᠠ᠃      ᠠᠰᠠᠭᠤᠯᠲᠠ᠄ ︽ᠰᠠᠨᠠᠯ︾᠎ ᠢ ᠲᠣᠭᠲᠠᠭᠠᠭᠰᠠᠨ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠪᠣᠯ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠲᠦᠷᠭᠡᠳᠬᠡᠨ ᠠᠬᠢᠭᠤᠯᠬᠤ ᠨᠢ᠂ ᠮᠥᠩᠭᠦᠨ ᠭᠦᠢᠯᠭᠡᠭᠡ ᠶᠢᠨ ︽ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾᠎ ᠶᠢ ᠳᠡᠮᠵᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠳᠠᠭ᠃      ᠨᠢᠭᠡ ᠳᠤ᠂ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠦᠷ᠎ᠡ ᠪᠦᠲᠦᠮᠵᠢ ᠶᠢ ᠪᠦᠲᠦᠮᠵᠢᠲᠡᠢ ᠪᠠᠷ ᠬᠢᠨᠠᠨ ᠰᠢᠨᠵᠢᠵᠦ᠂ ᠦᠢᠯᠡᠴᠢᠯᠡᠭᠡᠨ ᠤ ᠠᠰᠢᠭᠯᠠᠮᠵᠢ ᠶᠢ ᠳᠡᠭᠡᠭᠰᠢᠯᠡᠭᠦᠯᠬᠦ ᠳᠤ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠶᠢ ᠬᠠᠩᠭᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠠᠰᠢᠭᠯᠠᠮᠵᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠨᠡᠩ ᠣᠯᠠᠨ ᠡᠬᠢ ᠪᠠᠶᠠᠯᠢᠭ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠳᠤ ᠲᠣᠬᠢᠷᠠᠭᠤᠯᠬᠤ ᠶᠢ ᠱᠠᠭᠠᠷᠳᠠᠵᠤ᠂ ᠲᠦᠭᠡᠮᠡᠯ ᠬᠠᠷᠠᠭᠠᠯᠵᠠᠯᠲᠤ ᠪᠠ ᠵᠦᠢ ᠶᠣᠰᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠥᠭᠵᠢᠯᠲᠡ ᠶᠢ ᠳᠡᠮᠵᠢᠵᠦ᠂ ᠠᠷᠠᠳ ᠣᠯᠠᠨ ᠪᠠ ᠪᠣᠳᠠᠲᠤ ᠴᠣᠭᠴᠠᠲᠤ ᠠᠵᠤ ᠠᠬᠤᠢ ᠶᠢᠨ ᠣᠯᠠᠨ ᠶᠠᠩᠵᠤᠲᠤ ᠮᠥᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠪᠦᠬᠦ ᠲᠠᠯ᠎ᠠ ᠶᠢᠨ ᠮᠥᠷᠲᠡᠭᠡᠨ ᠣᠨᠣᠪᠴᠢᠲᠠᠢ ᠮᠥᠩᠭᠦᠨ ᠭᠦᠢᠯᠭᠡᠭᠡᠨ ᠤ ᠳ᠋ᠠᠶᠢᠲ᠋ᠠ ᠨᠢ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠴᠢᠳᠠᠪᠤᠷᠢ ᠪᠠ ᠦᠷ᠎ᠡ ᠪᠦᠲᠦᠮᠵᠢ ᠶᠢ ᠪᠤᠰᠤᠳᠴᠢ ᠪᠠᠷ ᠦᠨᠡᠯᠡᠬᠦ ᠵᠢᠴᠢ ᠦᠨᠡᠨ ᠬᠦ ᠶᠠᠪᠤᠭᠤᠰᠢᠲᠠᠢ ᠬᠡᠷᠡᠭᠵᠢᠭᠦᠯᠬᠦ ᠲᠥᠰᠥᠯ ᠢ ᠳᠤᠷᠠᠳᠬᠤ ᠳᠤ ᠦᠨᠳᠦᠰᠦᠯᠡᠯ ᠬᠠᠩᠭᠠᠵᠤ ᠴᠢᠳᠠᠨ᠎ᠠ᠃      ᠬᠤᠶᠠᠷ ᠲᠤ᠂ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠠᠷᠠᠭᠠᠯᠬᠢᠯᠠᠯ ᠤᠨ ᠴᠢᠨᠠᠷᠲᠠᠢ ᠪᠠᠷ ᠰᠡᠷᠭᠡᠶᠢᠯᠡᠨ ᠨᠠᠮᠳᠠᠭᠤᠯᠵᠤ᠂  ᠮᠡᠳᠡᠭᠡ ᠵᠠᠩᠭᠢ ᠶᠢᠨ ᠲᠤᠭ᠎ᠠ ᠪᠦᠷᠢᠳᠬᠡᠯ ᠳᠠᠬᠢ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠤᠯᠭᠠᠮ᠎ᠠ ᠱᠠᠭᠠᠷᠳᠠᠯᠭ᠎ᠠ ᠶᠢ ᠬᠠᠩᠭᠠᠨ᠎ᠠ᠃ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠳᠤ᠂ ᠡᠩ ᠲᠡᠷᠢᠭᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠪᠠᠯ ᠵᠣᠬᠢᠨ᠎ᠠ᠂ ᠭᠠᠭᠴᠠ ᠬᠦ ᠡᠷᠲᠡ ᠢᠯᠭᠠᠨ ᠲᠣᠳᠣᠯᠠᠵᠤ᠂ ᠡᠷᠲᠡ ᠤᠷᠢᠳᠴᠢᠯᠠᠨ ᠰᠡᠷᠡᠮᠵᠢᠯᠡᠵᠦ᠂ ᠡᠷᠲᠡ ᠢᠯᠡᠷᠡᠭᠦᠯᠪᠡᠯ᠂ ᠰᠠᠶ᠋ᠢ ᠠᠷᠭ᠎ᠠ ᠤᠬᠠᠭᠠᠨ ᠢᠶᠠᠨ ᠣᠯᠵᠤ᠂ ᠯᠠᠪᠳᠠᠭᠤᠨ ᠢᠶᠠᠷ ᠠᠷᠭᠠᠴᠠᠭᠠᠵᠤ᠂ ᠡᠷᠲᠡ ᠰᠢᠢᠳᠪᠦᠷᠢᠯᠡᠵᠦ ᠴᠢᠳᠠᠨ᠎ᠠ᠃ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤᠯᠠᠨ ᠰᠠᠬᠢᠬᠤ ᠳᠤ᠂ ᠶᠠᠰᠤ ᠴᠢᠨᠠᠷ ᠨᠢ ᠨᠡᠩ ᠰᠠᠶᠢᠨ ᠤᠷᠢᠳᠴᠢᠯᠠᠨ ᠰᠡᠷᠡᠮᠵᠢᠯᠡᠵᠦ ᠬᠢᠨᠠᠨ ᠰᠢᠨᠵᠢᠬᠦ ᠳ᠋ᠠᠶᠢᠲ᠋ᠠ ᠵᠠᠶᠢᠯᠠᠰᠢ ᠦᠭᠡᠢ ᠱᠠᠭᠠᠷᠳᠠᠭᠳᠠᠨ᠎ᠠ᠃ ᠡᠶᠢᠮᠦ ᠠᠴᠠ᠂ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠲᠠᠢ ᠤᠯᠠᠮ ᠬᠦ ᠨᠡᠶᠢᠴᠡᠭᠰᠡᠨ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠪᠠᠶᠢᠭᠤᠯᠤᠮᠵᠢ ᠶᠢᠨ ᠲᠤᠭ᠎ᠠ ᠪᠦᠷᠢᠳᠬᠡᠯ ᠬᠢᠭᠡᠳ ᠴᠢᠳᠠᠮᠵᠢ ᠶᠢᠨ ᠲᠤᠭ᠎ᠠ ᠪᠦᠷᠢᠳᠬᠡᠯ ᠢ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠤᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠨᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠴᠠᠭ ᠲᠤᠬᠠᠢ ᠳᠤ ᠨᠢ ᠡᠵᠡᠮᠰᠢᠨ᠂ ᠬᠤᠮᠠᠬᠢ ᠲᠠᠯ᠎ᠠ ᠶᠢᠨ ᠭᠤᠣᠯ ᠴᠣᠭᠴᠠᠲᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠢᠨᠠᠨ ᠰᠢᠨᠵᠢᠵᠦ᠂ ᠬᠤᠷᠸ᠎ᠠ ᠲᠣᠬᠢᠷᠠᠭᠤᠯᠤᠯᠲᠠ ᠶᠢᠨ ᠠᠶᠢᠵᠠᠮ ᠢ ᠡᠵᠡᠮᠳᠡᠬᠦ ᠳᠤ ᠠᠰᠢᠭᠲᠠᠢ ᠪᠠᠷ ᠪᠠᠷᠠᠬᠤ ᠦᠭᠡᠢ᠂ ᠲᠣᠮᠣ ᠤᠯᠤᠰ ᠤᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠵᠠᠰᠠᠯᠲᠠ ᠶᠢᠨ ᠣᠶᠢᠯᠠᠭᠠᠭᠳᠠᠬᠤᠨ ᠪᠠ ᠬᠠᠷᠠᠯᠲᠠ ᠶᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠣᠨ᠎ᠠ᠃      ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠬᠠᠷᠠᠯᠲᠠ ᠪᠠ ᠬᠡᠪᠴᠢᠶ᠎ᠡ ᠨᠢ ᠶᠠᠭᠤ ᠪᠣᠢ︖      ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠶᠡᠷᠦᠩᠬᠡᠢ ᠬᠠᠷᠠᠯᠲᠠ ᠪᠣᠯ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠨᠢᠭᠡᠳᠦᠯᠲᠡᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ ᠪᠠᠷᠢᠮᠵᠢᠶ᠎ᠠ ᠪᠠ ᠳᠦᠷᠢᠮ ᠤᠨ ᠰᠢᠰᠲ᠋ᠧᠮᠵᠢ ᠶᠢ ᠲᠣᠭᠲᠠᠭᠠᠨ ᠲᠡᠭᠦᠯᠳᠡᠷᠵᠢᠭᠦᠯᠵᠦ᠂ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠤᠨ ᠠᠵᠢᠯᠯᠠᠭᠤᠯᠵᠤ᠂ ᠪᠣᠢ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠪᠠ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠮᠤᠷᠤᠭᠰᠠᠨ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠲᠦᠭᠡᠵᠦ᠂ ᠲᠣᠮᠣ ᠤᠯᠤᠰ ᠤᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠵᠠᠰᠠᠯᠲᠠ ᠶᠢ ᠪᠡᠶᠡᠯᠡᠭᠦᠯᠵᠦ᠂ ᠮᠠᠨ ᠤ ᠤᠯᠤᠰ ᠤᠨ ᠵᠣᠭᠤᠰ ᠤᠨ ᠲᠥᠷᠥ ᠶᠢᠨ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ᠂ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠭ᠎ᠠ ᠶᠢ ᠪᠦᠲᠦᠮᠵᠢᠲᠡᠢ ᠳᠡᠮᠵᠢᠵᠦ᠂ ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠂ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠪᠣᠳᠠᠲᠠᠢ ᠪᠠᠷ ᠠᠪᠴᠤ ᠬᠡᠯᠡᠪᠡᠯ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠨᠢ ︽ᠪᠦᠲᠦᠮᠵᠢᠲᠡᠢ ᠪᠠᠷ ᠲᠥᠪᠯᠡᠷᠡᠭᠦᠯᠬᠦ᠂ ᠭᠦᠢᠴᠡᠳ ᠬᠠᠮᠲᠤ ᠪᠠᠷ ᠬᠦᠷᠲᠡᠬᠦ︾ ᠬᠤᠶᠠᠷ ᠶᠡᠭᠡ ᠭᠤᠣᠯ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠢ ᠨᠢᠭᠡᠳᠦᠯᠲᠡᠢ ᠪᠣᠯᠭᠠᠭᠰᠠᠨ ᠰᠠᠭᠤᠷᠢᠨ ᠳᠡᠭᠡᠷ᠎ᠡ᠂ ᠴᠢᠨᠠᠷ ᠰᠠᠶᠢᠲᠠᠢ ᠳ᠋ᠠᠶᠢᠲ᠋ᠠ ᠶᠢ ᠪᠦᠲᠦᠮᠵᠢᠲᠡᠢ ᠨᠡᠶᠢᠯᠡᠭᠦᠯᠵᠦ᠂ ᠳ᠋ᠠᠶᠢᠲ᠋ᠠ ᠶᠢ ᠲᠠᠰᠤᠯᠳᠠᠭᠤᠯᠬᠤ ᠠᠴᠠ ᠰᠡᠷᠭᠡᠶᠢᠯᠡᠵᠦ᠂ ᠠᠳᠠᠯᠢ ᠪᠤᠰᠤ ᠢᠷᠡᠯᠲᠡ ᠲᠠᠢ ᠳ᠋ᠠᠶᠢᠲ᠋ᠠ ᠶᠢ ᠣᠷᠭᠠᠨᠢᠭ ᠪᠦᠬᠦᠯᠢ ᠴᠣᠭᠴᠠ ᠪᠣᠯᠭᠠᠨ᠂ ᠢᠯᠡ ᠲᠣᠳᠣ ᠬᠤᠯᠪᠣᠭᠳᠠᠬᠤ ᠬᠠᠷᠢᠴᠠᠭ᠎ᠠ ᠶᠢ ᠪᠠᠶᠢᠭᠤᠯᠤᠨ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠪᠠ ᠬᠠᠯᠳᠠᠪᠤᠷᠢᠯᠠᠬᠤ ᠠᠷᠭ᠎ᠠ ᠵᠠᠮ ᠢ ᠪᠦᠬᠦ ᠲᠠᠯ᠎ᠠ ᠪᠠᠷ ᠲᠣᠭᠠᠴᠢᠨ᠎ᠠ︔ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠦᠷᠲᠡᠬᠦ ᠵᠠᠷᠴᠢᠮ ᠶᠣᠰᠣᠭᠠᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ᠂ ᠪᠦᠷᠢᠨ ᠭᠦᠢᠴᠡᠳ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠨᠢ ᠡᠷᠬᠡᠪᠰᠢ ︽ᠪᠦᠬᠦ ᠲᠠᠯ᠎ᠠ ᠶᠢ ᠬᠠᠮᠤᠷᠬᠤ︾᠎ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠬᠠᠮᠤᠷᠬᠤ ᠡᠲᠡᠭᠡᠳ ᠨᠢ ᠪᠦᠷᠢᠨ ᠪᠠᠶᠢᠬᠤ ᠬᠡᠷᠡᠭᠲᠡᠢ᠂ ᠲᠤᠬᠠᠶᠢᠯᠠᠪᠠᠯ ᠪᠣᠢ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠪᠠ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠮᠤᠷᠤᠨ᠎ᠠ᠃ ᠬᠤᠶᠠᠷ ᠲᠤ᠂ ᠬᠠᠮᠤᠷᠬᠤ ᠲᠤᠬᠠᠶᠢᠯᠠᠭᠰᠠᠨ ᠠᠵᠢᠯ ᠨᠢ ᠪᠦᠷᠢᠨ ᠪᠠᠶᠢᠬᠤ ᠬᠡᠷᠡᠭᠲᠡᠢ᠂ ᠲᠤᠬᠠᠶᠢᠯᠠᠪᠠᠯ ᠮᠥᠩᠭᠦᠨ ᠭᠦᠢᠯᠭᠡᠭᠡᠨ ᠤ ᠠᠷᠠᠯᠵᠢᠶ᠎ᠠ ᠶᠢᠨ ᠪᠦᠬᠦ ᠬᠡᠯᠬᠢᠶ᠎ᠡ ᠶᠢ ᠬᠠᠮᠤᠷᠴᠤ᠂ ᠮᠥᠩᠭᠦᠨ ᠭᠦᠢᠯᠭᠡᠭᠡᠨ ᠤ ᠠᠷᠠᠯᠵᠢᠶ᠎ᠠ ᠨᠢᠭᠡᠪᠦᠷᠢ ᠳᠤ᠂ ᠳᠡᠭᠡᠭᠰᠢ ᠪᠠᠨ ᠬᠠᠮᠤᠭ ᠤᠨ ᠰᠡᠭᠦᠯᠴᠢ ᠶᠢᠨ ᠪᠡᠯᠡ ᠮᠥᠩᠭᠦ ᠶᠢ ᠬᠠᠩᠭᠠᠬᠤ ᠲᠠᠯ᠎ᠠ ᠬᠦᠷᠲᠡᠯ᠎ᠡ ᠬᠤᠯᠪᠣᠭᠳᠠᠭᠤᠯᠵᠤ᠂ ᠳᠣᠷᠣᠭᠰᠢ ᠪᠠᠨ ᠬᠠᠮᠤᠭ ᠤᠨ ᠰᠡᠭᠦᠯᠴᠢ ᠶᠢᠨ ᠪᠡᠯᠡ ᠮᠥᠩᠭᠦ ᠶᠢ ᠬᠡᠷᠡᠭᠯᠡᠬᠦ ᠲᠠᠯ᠎ᠠ ᠬᠦᠷᠲᠡᠯ᠎ᠡ ᠬᠤᠯᠪᠣᠭᠳᠠᠭᠤᠯᠬᠤ ᠶᠢᠨ ᠬᠠᠮᠲᠤ᠂ ᠮᠥᠩᠭᠦᠨ ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠨᠡᠷᠡᠳᠬᠦᠨ ᠢ ᠨᠢᠭᠲᠠ ᠠᠩᠬᠠᠷᠴᠤ᠂ ᠲᠤᠭ᠎ᠠ ᠪᠦᠷᠢᠳᠬᠡᠯ ᠤᠨ ᠬᠢᠨᠠᠨ ᠰᠢᠨᠵᠢᠬᠦ ᠬᠡᠪᠴᠢᠶ᠎ᠡ ᠳᠤ ᠲᠣᠬᠢᠷᠠᠭᠰᠠᠨ ᠴᠠᠭ ᠲᠤ ᠎ ᠨᠢ ᠣᠷᠣᠭᠤᠯᠤᠨ᠎ᠠ᠃ ᠭᠤᠷᠪᠠ ᠳᠤ᠂ ᠬᠠᠮᠤᠷᠬᠤ ᠠᠭᠤᠯᠭ᠎ᠠ ᠨᠢ ᠪᠦᠷᠢᠨ ᠪᠠᠶᠢᠬᠤ ᠬᠡᠷᠡᠭᠲᠡᠢ᠂ ᠲᠤᠬᠠᠶᠢᠯᠠᠪᠠᠯ ᠶᠡᠷᠦᠩᠬᠡᠢ ᠬᠡᠮᠵᠢᠶ᠎ᠡ ᠬᠢᠭᠡᠳ ᠪᠦᠲᠦᠴᠡ ᠶᠢ ᠲᠣᠳᠣᠷᠬᠠᠢ ᠢᠯᠭᠠᠵᠤ᠂ ᠲᠤᠭ᠎ᠠ ᠬᠡᠮᠵᠢᠶ᠎ᠡ ᠬᠢᠭᠡᠳ ᠦᠨ᠎ᠡ ᠬᠠᠩᠰᠢ ᠶᠢ ᠬᠠᠪᠰᠤᠷᠭᠠᠬᠤ᠂ ᠬᠠᠳᠠᠭᠠᠯᠠᠭᠳᠠᠴᠠ ᠬᠢᠭᠡᠳ ᠭᠦᠢᠯᠭᠡᠭᠡ ᠶᠢ ᠵᠡᠷᠭᠡ ᠳᠤ ᠨᠢ ᠴᠢᠬᠤᠯᠠᠴᠢᠯᠠᠬᠤ ᠶᠢ ᠭᠦᠢᠴᠡᠳᠬᠡᠵᠦ᠂ ᠣᠯᠠᠨ ᠬᠠᠷᠠᠭᠠᠰᠤ ᠠᠴᠠ ᠪᠦᠬᠦ ᠲᠠᠯ᠎ᠠ ᠶᠢᠨ ᠪᠦᠲᠦᠮᠵᠢᠲᠡᠢ ᠮᠡᠳᠡᠭᠡ ᠵᠠᠩᠭᠢ ᠶᠢ ᠬᠠᠩᠭᠠᠨ᠎ᠠ᠃      ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠨᠢ ᠠᠵᠢᠯ ᠤᠨ ᠲᠣᠭᠲᠠᠴᠠ ᠶᠢᠨ ᠲᠠᠯ᠎ᠠ ᠪᠠᠷ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖      ᠬᠠᠷᠢᠭᠤᠯᠲᠠ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠡᠯ᠎ᠡ ᠰᠠᠯᠠᠭ᠎ᠠ ᠮᠥᠴᠢᠷ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ︽ᠪᠠᠷᠢᠮᠵᠢᠶ᠎ᠠ ᠶᠢ ᠨᠢᠭᠡᠳᠦᠭᠦᠯᠬᠦ᠂ ᠵᠡᠷᠭᠡ ᠳᠤ ᠨᠢ ᠴᠤᠭᠯᠠᠭᠤᠯᠬᠤ᠂ ᠲᠥᠪᠯᠡᠷᠡᠭᠦᠯᠦᠨ ᠰᠢᠯᠭᠠᠨ ᠬᠢᠨᠠᠬᠤ᠂ ᠬᠤᠷᠢᠶᠠᠩᠭᠤᠶᠢᠯᠠᠵᠤ ᠬᠠᠮᠲᠤ ᠪᠠᠷ ᠬᠦᠷᠲᠡᠬᠦ︾ ᠠᠵᠢᠯ ᠤᠨ ᠲᠣᠭᠲᠠᠴᠠ ᠶᠢ ᠬᠠᠮᠲᠤ ᠪᠠᠷ ᠰᠤᠳᠤᠯᠤᠨ ᠲᠣᠭᠲᠠᠭᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠢ ᠵᠥᠪᠬᠡᠨ ᠲᠤᠭ᠎ᠠ ᠬᠡᠮᠵᠢᠶ᠎ᠡ ᠶᠢᠨ ᠲᠠᠯ᠎ᠠ ᠪᠠᠷ ᠳᠡᠭᠡᠭᠰᠢᠯᠡᠭᠦᠯᠦᠭᠰᠡᠨ ᠲᠡᠳᠦᠢ ᠦᠭᠡᠢ᠂ ᠪᠠᠰᠠ ᠴᠢᠨᠠᠷ ᠤᠨ ᠲᠠᠯ᠎ᠠ ᠳᠤ ᠦᠰᠦᠷᠦᠯᠲᠡ ᠭᠠᠷᠭᠠᠬᠤ ᠶᠢ ᠪᠠᠲᠤᠯᠠᠪᠠ᠂ ᠡᠨᠡ ᠪᠣᠯ ︽ᠰᠠᠨᠠᠯ︾᠎ ᠤᠨ ᠭᠤᠣᠯ ᠪᠣᠯᠬᠤ ᠭᠢᠯᠠᠰ ᠴᠡᠭ ᠪᠣᠯᠣᠨ᠎ᠠ᠃       ︽ᠪᠠᠷᠢᠮᠵᠢᠶ᠎ᠠ ᠶᠢ ᠨᠢᠭᠡᠳᠦᠭᠦᠯᠬᠦ︾ ᠪᠣᠯ ᠡᠯ᠎ᠡ ᠵᠦᠢᠯ ᠤᠨ ᠠᠵᠢᠯ ᠢ ᠠᠬᠢᠭᠤᠯᠬᠤ ᠤᠷᠢᠳᠠᠯ ᠪᠣᠯᠣᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠨᠢ ᠰᠠᠭᠤᠷᠢ ᠲᠤᠭ᠎ᠠ ᠪᠦᠷᠢᠳᠬᠡᠯ ᠤᠨ ᠴᠢᠬᠤᠯᠠ ᠬᠦᠴᠦᠨ ᠵᠦᠢᠯ ᠳᠤ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠲᠥᠷᠥᠯ ᠠᠩᠭᠢᠯᠠᠯ᠂ ᠲᠣᠮᠢᠶᠠᠯᠠᠯ ᠪᠠ ᠺᠣᠳ᠋ ᠤᠨ ᠳᠦᠷᠢᠮ ᠢ ᠲᠣᠳᠣᠷᠬᠠᠶᠢᠯᠠᠨ᠂ ᠰᠠᠭᠤᠷᠢ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠪᠦᠷᠢᠳᠦᠭᠦᠯᠬᠦ ᠳᠤ ᠠᠰᠢᠭᠲᠠᠢ᠃ ᠡᠯ᠎ᠡ ᠨᠢᠭᠡᠴᠢ ᠶᠢᠨ ᠰᠢᠨ᠎ᠡ ᠪᠠᠷ ᠪᠠᠶᠢᠭᠤᠯᠤᠭᠰᠠᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠰᠠᠭᠤᠷᠢ ᠲᠤᠭ᠎ᠠ ᠪᠦᠷᠢᠳᠬᠡᠯ ᠤᠨ ᠪᠠᠷᠢᠮᠵᠢᠶ᠎ᠠ ᠲᠠᠢ ᠵᠣᠯᠭᠠᠯᠳᠤᠭᠤᠯᠬᠤ ᠬᠡᠷᠡᠭᠲᠡᠢ︔ ᠣᠳᠣ ᠶᠢᠨ ᠪᠠᠶᠢᠭ᠎ᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠡᠮᠬᠢᠯᠡᠨ ᠳᠢᠭᠯᠡᠵᠦ᠂ ᠰᠠᠭᠤᠷᠢ ᠲᠤᠭ᠎ᠠ ᠪᠦᠷᠢᠳᠬᠡᠯ ᠤᠨ ᠪᠠᠷᠢᠮᠵᠢᠶ᠎ᠠ ᠲᠠᠢ ᠵᠣᠬᠢᠴᠠᠭᠤᠯᠵᠤ ᠳᠡᠶᠢᠯᠬᠦ ᠶᠢ ᠨᠢ ᠰᠢᠭᠤᠳ ᠵᠣᠯᠭᠠᠯᠳᠤᠭᠤᠯᠵᠤ᠂ ᠲᠦᠷ ᠵᠣᠬᠢᠴᠠᠭᠤᠯᠵᠤ ᠳᠡᠶᠢᠯᠬᠦ ᠦᠭᠡᠢ ᠳᠤ ᠨᠢ ᠬᠤᠶᠠᠷ ᠵᠢᠯ ᠤᠨ ᠰᠢᠯᠵᠢᠯᠲᠡ ᠶᠢᠨ ᠬᠤᠭᠤᠴᠠᠭ᠎ᠠ ᠣᠯᠭᠤᠵᠤ᠂ ᠰᠢᠯᠵᠢᠯᠲᠡ ᠶᠢᠨ ᠬᠤᠭᠤᠴᠠᠭᠠᠨ ᠤ ᠳᠣᠲᠣᠷ᠎ᠠ ᠵᠣᠯᠭᠠᠯᠳᠤᠭᠤᠯᠬᠤ ᠶᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠳᠦᠷᠢᠮ ᠢ ᠲᠣᠭᠲᠠᠭᠤᠨ ᠪᠠᠷ ᠤᠯᠠᠷᠢᠭᠤᠯᠬᠤ ᠶᠢ ᠰᠠᠶᠢᠲᠤᠷ ᠬᠢᠬᠦ ᠬᠡᠷᠡᠭᠲᠡᠢ᠃       ︽ᠵᠡᠷᠭᠡ ᠳᠤ ᠨᠢ ᠴᠤᠭᠯᠠᠭᠤᠯᠬᠤ︾ ᠪᠣᠯ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠳ᠋ᠠᠶᠢᠲ᠋ᠠ ᠪᠣᠢ ᠪᠣᠯᠬᠤ ᠶᠠᠪᠤᠴᠠ ᠶᠢᠨ ᠡᠬᠢᠯᠡᠯᠲᠡ ᠪᠣᠯᠣᠨ᠎ᠠ᠃ ᠰᠢᠨ᠎ᠡ ᠪᠠᠷ ᠪᠠᠶᠢᠭᠤᠯᠬᠤ ᠲᠤᠭ᠎ᠠ ᠪᠦᠷᠢᠳᠬᠡᠯ ᠢ ᠠᠷᠠᠳ ᠤᠨ ᠪᠠᠩᠬᠢ ᠬᠢᠭᠡᠳ ᠪᠤᠰᠤᠳ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠭᠤᠳ ᠵᠡᠷᠭᠡ ᠳᠤ ᠨᠢ ᠴᠤᠭᠯᠠᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠦᠷᠢᠳᠬᠡᠯ ᠳᠤ᠂ ᠠᠷᠠᠳ ᠤᠨ ᠪᠠᠩᠬᠢ ᠨᠢ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠶᠢ ᠵᠣᠬᠢᠴᠠᠭᠤᠯᠤᠨ᠎ᠠ᠃       ︽ᠲᠥᠪᠯᠡᠷᠡᠭᠦᠯᠦᠨ ᠰᠢᠯᠭᠠᠨ ᠬᠢᠨᠠᠬᠤ︾ ᠪᠣᠯ ᠠᠳᠠᠯᠢ ᠪᠤᠰᠤ ᠢᠷᠡᠯᠲᠡ ᠲᠠᠢ ᠳ᠋ᠠᠶᠢᠲ᠋ᠠ ᠶᠢᠨ ᠬᠤᠭᠤᠷᠣᠨᠳᠤᠬᠢ ᠯᠣᠭᠢᠭ ᠢᠶᠠᠷ ᠲᠣᠬᠢᠷᠠᠯᠴᠠᠬᠤ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ ᠶᠤᠮ᠃ ᠡᠨᠡ ᠨᠢ ᠳ᠋ᠠᠶᠢᠲ᠋ᠠ ᠶᠢᠨ ᠶᠠᠰᠤ ᠴᠢᠨᠠᠷ ᠢ ᠡᠵᠡᠮᠳᠡᠬᠦ ᠵᠠᠩᠭᠢᠯᠠᠭ᠎ᠠ ᠶᠢᠨ ᠲᠠᠯ᠎ᠠ ᠪᠣᠯᠬᠤ ᠪᠠᠷ ᠪᠠᠷᠠᠬᠤ ᠦᠭᠡᠢ᠂  ᠮᠥᠨ ᠴᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠤᠯᠪᠣᠭᠳᠠᠭᠤᠯᠬᠤ ᠪᠠ ᠵᠢᠭᠢᠷᠢᠭᠯᠡᠯ ᠢᠶᠠᠷ ᠬᠢᠨᠠᠨ ᠰᠢᠨᠵᠢᠬᠦ ᠴᠢᠬᠤᠯᠠ ᠠᠷᠭ᠎ᠠ ᠪᠠᠷᠢᠯ ᠪᠣᠯᠣᠨ᠎ᠠ᠃       ︽ᠲᠥᠪᠯᠡᠷᠡᠭᠦᠯᠦᠨ ᠬᠠᠮᠲᠤ ᠪᠠᠷ ᠬᠦᠷᠲᠡᠬᠦ︾ ᠪᠣᠯ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠳ᠋ᠠᠶᠢᠲ᠋ᠠ ᠶᠢ ᠪᠣᠢ ᠪᠣᠯᠭᠠᠬᠤ ᠪᠠ ᠬᠡᠷᠡᠭᠯᠡᠬᠦ ᠲᠠᠯ᠎ᠠ ᠳᠠᠬᠢ ᠲᠣᠬᠢᠷᠠᠭᠤᠯᠤᠯᠲᠠ ᠪᠣᠯᠣᠨ᠎ᠠ᠃ ᠭᠤᠣᠯᠳᠠᠭᠤ ᠳ᠋ᠠᠶᠢᠲ᠋ᠠ ᠶᠢ ᠬᠤᠷᠢᠶᠠᠩᠭᠤᠶᠢᠯᠠᠬᠤ ᠳᠦᠷᠢᠮ ᠢ ᠨᠢᠭᠡᠳᠦᠯᠲᠡᠢ ᠲᠣᠭᠲᠠᠭᠠᠬᠤ ᠪᠠ ᠬᠠᠮᠠᠭᠠᠯᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭ ᠤᠨ ᠰᠢᠰᠲ᠋ᠧᠮᠵᠢ ᠶᠢ ᠨᠢᠭᠡᠳᠦᠯᠲᠡᠢ ᠲᠣᠭᠲᠠᠭᠠᠨ ᠬᠠᠮᠢᠶᠠᠷᠴᠤ᠂ ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠳ᠋ᠠᠶᠢᠲ᠋ᠠ ᠶᠢ ᠪᠦᠬᠦ ᠲᠠᠯ᠎ᠠ ᠪᠠᠷ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠪᠠᠭᠲᠠᠵᠤ ᠪᠠᠶᠢᠨ᠎ᠠ᠃      ᠠᠰᠠᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠬᠢᠭᠡᠳ ᠢᠷᠡᠭᠡᠳᠦᠢ ᠶᠢᠨ ᠲᠥᠯᠥᠪᠵᠢᠭᠦᠯᠭᠡ ᠶᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠃ ︽ᠰᠠᠨᠠᠯ︾᠎ ᠨᠢ ᠲᠥᠷᠥ ᠶᠢᠨ ᠪᠣᠳᠣᠯᠭ᠎ᠠ ᠳᠤ ᠱᠠᠭᠠᠷᠳᠠᠭᠳᠠᠬᠤ ᠲᠤᠯᠭᠠᠮ᠎ᠠ ᠴᠢᠨᠠᠷ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠣᠯᠣᠮᠵᠢᠲᠤ ᠴᠢᠨᠠᠷ ᠢ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤ ᠨᠢ ᠬᠠᠷᠠᠭᠠᠯᠵᠠᠵᠤ᠂ ᠱᠠᠲᠤ ᠦᠶ᠎ᠡ᠂ ᠠᠯᠬᠤᠮ ᠳᠠᠷᠠᠭ᠎ᠠ ᠬᠤᠪᠢᠶᠠᠨ ᠭᠤᠣᠯᠳᠠᠯᠭ᠎ᠠ ᠎ ᠲᠠᠢ ᠠᠵᠢᠯ ᠢ ᠥᠷᠨᠢᠭᠦᠯᠬᠦ ᠬᠡᠷᠡᠭᠲᠡᠢ ᠭᠡᠵᠦ ᠳᠤᠷᠠᠳᠴᠠᠢ᠃ ᠡᠯ᠎ᠡ ᠲᠤᠰᠬᠠᠢ ᠵᠦᠢᠯ ᠤᠨ ᠲᠤᠭ᠎ᠠ ᠪᠦᠷᠢᠳᠬᠡᠯ ᠳᠤ ᠬᠡᠷᠡᠭᠵᠢᠭᠦᠯᠬᠦ ᠠᠷᠭ᠎ᠠ ᠵᠠᠮ᠂ ᠪᠣᠢ ᠪᠣᠯᠬᠤ ᠭᠤᠣᠯ ᠭᠠᠵᠠᠷ ᠪᠠ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠴᠥᠮ ᠲᠣᠳᠣᠷᠬᠠᠶᠢᠯᠠᠵᠤ᠂ ᠬᠠᠷᠠᠯᠲᠠ ᠨᠢ ᠲᠣᠳᠣᠷᠬᠠᠢ᠂ ᠡᠭᠦᠷᠭᠡ ᠬᠠᠷᠢᠭᠤᠴᠠᠯᠭ᠎ᠠ ᠨᠢ ᠢᠯᠡᠷᠬᠡᠢ᠂ ᠭᠤᠣᠯᠳᠠᠯᠭ᠎ᠠ ᠨᠢ ᠲᠣᠪᠣᠶᠢᠮ᠎ᠠ᠂ ᠠᠵᠢᠯᠯᠠᠭᠤᠯᠬᠤ ᠴᠢᠨᠠᠷ ᠨᠢ ᠴᠢᠩᠭ᠎ᠠ ᠪᠠᠶᠢᠯᠭᠠᠬᠤ ᠪᠠᠷ ᠬᠦᠴᠦᠯᠡᠨ ᠴᠢᠷᠮᠠᠶᠢᠨ᠎ᠠ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠲᠡᠷᠢᠭᠦᠨ ᠴᠢᠬᠤᠯᠠ ᠡᠭᠦᠷᠭᠡ ᠪᠣᠯᠭᠠᠪᠠ᠃ ︽ᠰᠠᠨᠠᠯ︾᠎ ᠳᠤ᠂ ᠣᠶᠢᠷ᠎ᠠ ᠶᠢᠨ ᠬᠤᠭᠤᠴᠠᠭᠠᠨ ᠳᠤ ᠭᠤᠣᠯᠳᠠᠭᠤ ︽ᠰᠢᠰᠲ᠋ᠧᠮᠲᠦ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ︾ ᠲᠤᠯᠭᠠᠮ᠎ᠠ ᠱᠠᠭᠠᠷᠳᠠᠯᠭ᠎ᠠ ᠳᠤ ᠬᠠᠨᠳᠤᠭᠤᠯᠤᠨ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠃ ᠨᠢᠭᠡ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ ᠢ ᠪᠦᠷᠢᠳᠬᠡᠬᠦ ᠢᠶᠠᠷ ᠰᠢᠪᠲᠤᠯᠤᠯᠲᠠ ᠪᠣᠯᠭᠠᠵᠤ᠂ ᠰᠣᠯᠢᠪᠴᠠᠯ ᠤᠨ ᠴᠢᠨᠠᠷᠲᠠᠢ ᠮᠥᠩᠭᠦᠨ ᠭᠦᠢᠯᠭᠡᠭᠡᠨ ᠤ ᠨᠡᠷᠡᠳᠬᠦᠨ ᠤ ᠲᠤᠭ᠎ᠠ ᠪᠦᠷᠢᠳᠬᠡᠯ ᠢ ᠪᠠᠶᠢᠭᠤᠯᠵᠤ᠂ ᠠᠵᠢᠯ ᠲᠥᠷᠥᠯ ᠠᠯᠤᠰᠯᠠᠭᠰᠠᠨ᠂ ᠵᠠᠬ᠎ᠠ ᠳᠡᠯᠭᠡᠭᠦᠷ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠲᠦᠮᠵᠢᠲᠡᠢ ᠪᠦᠷᠢᠳᠬᠡᠵᠦ ᠬᠢᠨᠠᠨ ᠰᠢᠨᠵᠢᠨ᠎ᠡ᠃ ᠬᠤᠶᠠᠷ ᠲᠤ᠂ ᠰᠢᠰᠲ᠋ᠧᠮ ᠢᠶᠠᠷ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭ᠎ᠠ ᠪᠦᠷᠢᠳᠬᠡᠯ ᠢ ᠪᠠᠶᠢᠭᠤᠯᠵᠤ᠂ ᠰᠢᠰᠲ᠋ᠧᠮ ᠢᠶᠠᠷ ᠴᠢᠬᠤᠯᠠ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠎ ᠬᠢᠨ ᠤ ᠮᠥᠩᠭᠦᠨ ᠭᠦᠢᠯᠭᠡᠭᠡᠨ ᠤ ᠰᠢᠰᠲ᠋ᠧᠮᠵᠢ ᠳᠠᠬᠢ ᠨᠥᠯᠥᠭᠡᠯᠡᠬᠦ ᠬᠡᠮᠵᠢᠶ᠎ᠡ ᠶᠢ ᠪᠦᠬᠦ ᠲᠠᠯ᠎ᠠ ᠪᠠᠷ ᠡᠵᠡᠮᠰᠢᠵᠦ᠂ ᠲᠦᠭᠰᠢᠭᠦᠷᠢ ᠶᠢᠨ ᠳᠠᠮᠵᠢᠭᠳᠠᠬᠤ ᠵᠠᠩᠭᠢᠯᠠᠭ᠎ᠠ ᠶᠢᠨ ᠴᠡᠭ ᠪᠠ ᠬᠦᠨᠳᠦ ᠶᠡᠭᠡ ᠲᠦᠭᠰᠢᠭᠦᠷᠢ ᠶᠢᠨ ᠳᠠᠯᠳᠠ ᠰᠣᠭᠤᠭ ᠢ ᠴᠠᠭ ᠲᠤᠬᠠᠢ ᠳᠤ ᠨᠢ ᠢᠯᠡᠷᠡᠭᠦᠯᠦᠨ᠎ᠡ᠃ ᠭᠤᠷᠪᠠ ᠳᠤ᠂ ᠮᠥᠩᠭᠦᠨ ᠭᠦᠢᠯᠭᠡᠭᠡᠨ ᠤ ᠰᠲ᠋ᠣᠺ ᠡᠵᠡᠮᠳᠡᠬᠦ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠦᠯᠦᠭᠯᠡᠯ ᠤᠨ ᠲᠤᠭ᠎ᠠ ᠪᠦᠷᠢᠳᠬᠡᠯ ᠢ ᠪᠠᠶᠢᠭᠤᠯᠵᠤ᠂ ᠳᠣᠲᠣᠷ ᠲᠠᠯ᠎ᠠ ᠶᠢᠨ ᠬᠤᠯᠪᠣᠭᠳᠠᠬᠤ ᠠᠷᠠᠯᠵᠢᠶ᠎ᠠ ᠶᠢ ᠮᠠᠭᠠᠳᠯᠠᠬᠤ ᠪᠠ ᠭᠠᠳᠠᠷ ᠲᠠᠯ᠎ᠠ ᠶᠢᠨ ᠲᠦᠭᠰᠢᠭᠦᠷᠢ ᠬᠠᠯᠳᠠᠪᠤᠷᠢᠯᠠᠬᠤ ᠶᠢ ᠢᠯᠭᠠᠨ ᠲᠣᠳᠣᠯᠠᠬᠤ ᠶᠢ ᠳᠡᠮᠵᠢᠨ᠎ᠡ᠃ ᠳᠥᠷᠪᠡ ᠳᠤ᠂ ᠮᠥᠩᠭᠦᠨ ᠭᠦᠢᠯᠭᠡᠭᠡᠨ ᠤ ᠦᠢᠯᠡᠰ ᠤᠨ ᠡᠳ᠋ ᠬᠥᠷᠥᠩᠭᠡ ᠶᠢᠨ ᠥᠭᠴᠡᠭᠡᠨ ᠤ ᠬᠦᠰᠦᠨᠦᠭ ᠢ ᠨᠠᠶᠢᠷᠠᠭᠤᠯᠤᠨ ᠵᠣᠬᠢᠶᠠᠵᠤ᠂ ᠮᠥᠩᠭᠦᠨ ᠭᠦᠢᠯᠭᠡᠭᠡᠨ ᠤ ᠪᠡᠯᠡ ᠮᠥᠩᠭᠦ ᠶᠢᠨ ᠭᠦᠢᠯᠭᠡᠭᠡ᠂ ᠬᠠᠳᠠᠭᠠᠯᠠᠭᠳᠠᠴᠠ ᠶᠢᠨ ᠲᠤᠭ᠎ᠠ ᠪᠦᠷᠢᠳᠬᠡᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠪᠦᠬᠦ ᠵᠦᠢᠯ ᠢ ᠣᠶᠢᠯᠠᠭᠠᠨ ᠲᠣᠳᠣᠯᠠᠵᠤ᠂ ᠬᠤᠷᠸ᠎ᠠ ᠲᠠᠯ᠎ᠠ ᠶᠢᠨ ᠬᠥᠰᠢᠭᠦᠷᠭᠡ ᠶᠢᠨ ᠨᠣᠷᠮ᠎ᠠ ᠶᠢᠨ ᠬᠢᠨᠠᠨ ᠰᠢᠨᠵᠢᠬᠦ ᠰᠠᠭᠤᠷᠢ ᠶᠢ ᠴᠢᠩᠭᠠᠷᠠᠭᠤᠯᠤᠨ᠎ᠠ᠃ ᠲᠠᠪᠤ ᠳᠤ᠂ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠦᠷᠢᠳᠬᠡᠯ ᠢ ᠲᠡᠭᠦᠯᠳᠡᠷᠵᠢᠭᠦᠯᠵᠦ᠂ ᠵᠦᠢ ᠶᠣᠰᠣᠨ ᠤ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠵᠡᠷᠭᠡ ᠲᠤᠰᠬᠠᠢ ᠵᠦᠢᠯ ᠤᠨ ᠲᠤᠭ᠎ᠠ ᠪᠦᠷᠢᠳᠬᠡᠯ ᠢ ᠴᠢᠩᠭᠠᠳᠬᠠᠵᠤ᠂ ᠪᠣᠳᠠᠲᠤ ᠴᠣᠭᠴᠠᠲᠤ ᠠᠵᠤ ᠠᠬᠤᠢ ᠶᠢ ᠳᠡᠮᠵᠢᠬᠦ ᠮᠥᠩᠭᠦᠨ ᠭᠦᠢᠯᠭᠡᠭᠡᠨ ᠤ ᠡᠷᠴᠢᠮ ᠪᠠ ᠪᠦᠲᠦᠴᠡ ᠶᠢ ᠵᠣᠬᠢᠰᠲᠠᠢ ᠦᠨᠡᠯᠡᠨ ᠵᠢᠱᠢᠨ᠎ᠡ᠃ ᠵᠢᠷᠭᠤᠭ᠎ᠠ ᠳᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠲᠤᠭ᠎ᠠ ᠪᠦᠷᠢᠳᠬᠡᠯ ᠵᠡᠷᠭᠡ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠤᠭ᠎ᠠ ᠪᠦᠷᠢᠳᠬᠡᠯ ᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠵᠢᠴᠢ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠢ ᠢᠯᠭᠠᠨ ᠲᠣᠳᠣᠯᠠᠨ᠎ᠠ᠃ ᠳᠣᠯᠤᠭ᠎ᠠ ᠳᠤ᠂ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠡᠬᠢᠯᠡᠨ ᠶᠠᠪᠤᠭᠳᠠᠭᠤᠯᠵᠤ᠂ ᠪᠠᠴᠢᠮ ᠬᠡᠷᠡᠭᠯᠡᠬᠦ ᠶᠢ ᠨᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠭᠤᠷᠢ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠲᠠᠪᠴᠠᠩ ᠢ ᠤᠷᠢᠳ ᠢᠶᠠᠷ ᠪᠠᠶᠢᠭᠤᠯᠵᠤ᠂ ᠲᠡᠭᠦᠨ ᠢ ᠣᠳᠣ ᠶᠢᠨ ᠪᠠᠶᠢᠭ᠎ᠠ ᠲᠤᠭ᠎ᠠ ᠪᠦᠷᠢᠳᠬᠡᠯ ᠤᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠪᠠ ᠰᠢᠨ᠎ᠡ ᠪᠠᠷ ᠪᠠᠶᠢᠭᠤᠯᠤᠭᠰᠠᠨ ᠲᠤᠭ᠎ᠠ ᠪᠦᠷᠢᠳᠬᠡᠯ ᠤᠨ ᠳ᠋ᠠᠶᠢᠲ᠋ᠠ ᠶᠢ ᠬᠤᠷᠢᠶᠠᠨ ᠴᠤᠭᠯᠠᠭᠤᠯᠬᠤ ᠶᠢ ᠠᠩᠬ᠎ᠠ ᠠᠯᠬᠤᠮ ᠪᠡᠶᠡᠯᠡᠭᠦᠯᠬᠦ ᠳᠤ ᠬᠡᠷᠡᠭᠯᠡᠨ᠎ᠡ᠃      ᠢᠷᠡᠭᠡᠳᠦᠢ ᠳᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠠᠭᠤᠯᠬᠤᠨ ᠢ ᠤᠯᠠᠮ ᠨᠢᠭᠡ ᠠᠯᠬᠤᠮ ᠥᠷᠭᠡᠳᠬᠡᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠭᠤᠷᠠᠢ ᠲᠠᠯ᠎ᠠ ᠶᠢᠨ ᠲᠤᠭ᠎ᠠ ᠪᠦᠷᠢᠳᠬᠡᠯ ᠢ ᠬᠢᠨᠠᠨ ᠰᠢᠨᠵᠢᠬᠦ ᠪᠠᠨ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠭᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠪᠦᠷᠢᠳᠬᠡᠯ ᠢ ᠪᠠᠶᠢᠭᠤᠯᠤᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠨ ᠪᠦᠷᠢᠳᠬᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠠᠭᠤᠷᠢ ᠲᠤᠭ᠎ᠠ ᠪᠦᠷᠢᠳᠬᠡᠯ ᠤᠨ ᠪᠠᠷᠢᠮᠵᠢᠶ᠎ᠠ ᠬᠢᠭᠡᠳ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠵᠠᠯᠭᠠᠯᠳᠤᠭᠤᠯᠬᠤ ᠶᠢ ᠪᠡᠶᠡᠯᠡᠭᠦᠯᠦᠨ᠎ᠡ︔ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠭᠤᠷᠢ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠲᠠᠪᠴᠠᠩ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ ᠤᠨ ᠪᠠᠷᠢᠮᠵᠢᠶ᠎ᠠ ᠪᠠᠷ ᠬᠤᠰᠢᠭᠤᠴᠢ ᠪᠣᠯᠭᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠨ᠂ ᠣᠳᠣ ᠦᠶ᠎ᠡ ᠶᠢᠨ ᠮᠡᠳᠡᠭᠡ ᠵᠠᠩᠭᠢ ᠪᠠ ᠲᠣᠮᠣ ᠳ᠋ᠠᠶᠢᠲ᠋ᠠ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠳᠠᠪᠰᠢᠩᠭᠤᠢ ᠮᠥᠷᠲᠡᠭᠡᠨ ᠪᠦᠷᠢᠨ ᠲᠥᠬᠦᠷ ᠪᠣᠯᠬᠤ ᠤᠯᠤᠰ ᠤᠨ ᠮᠥᠩᠭᠦᠨ ᠭᠦᠢᠯᠭᠡᠭᠡᠨ ᠤ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠳ᠋ᠠᠶᠢᠲ᠋ᠠ ᠶᠢ ᠮᠡᠳᠡᠭᠦᠯᠦᠨ ᠬᠦᠷᠭᠡᠬᠦ ᠪᠠᠶᠢᠭᠤᠯᠤᠮᠵᠢ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠠᠵᠢᠯᠯᠠᠭᠠᠨ ᠤ ᠲᠣᠭᠲᠠᠴᠠ ᠨᠢ ᠰᠢᠭᠤᠳ ᠰᠢᠯᠤᠭᠤᠨ᠂ ᠳᠦᠷᠢᠮ ᠤᠨ ᠰᠢᠰᠲ᠋ᠧᠮᠵᠢ ᠨᠢ ᠪᠦᠷᠢᠨ ᠪᠦᠲᠦᠨ᠂ ᠰᠠᠭᠤᠷᠢ ᠪᠡᠯᠡᠳᠬᠡᠮᠵᠢ ᠨᠢ ᠲᠡᠭᠦᠰ ᠲᠡᠭᠦᠯᠳᠡᠷ᠂ ᠮᠡᠷᠭᠡᠵᠢᠯ ᠤᠨ ᠠᠷᠭ᠎ᠠ ᠪᠠᠷᠢᠯ ᠨᠢ ᠳᠠᠪᠰᠢᠩᠭᠤᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠦᠷ᠎ᠡ ᠪᠦᠲᠦᠮᠵᠢ ᠨᠢ ᠢᠯᠡᠷᠬᠡᠢ ᠮᠥᠩᠭᠦᠨ ᠭᠦᠢᠯᠭᠡᠭᠡᠨ ᠤ ᠦᠢᠯᠡᠰ ᠤᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号