ᠥᠪᠥᠷ ᠮᠣᠩᠭᠤᠯ 327.4 ᠲᠦᠮᠡᠨ ᠮᠦ ᠲᠠᠯᠠᠪᠠᠢ ᠳᠤ ᠲᠠᠯ᠎ᠠ ᠨᠤᠲᠤᠭ ᠤᠨ ᠴᠠᠷᠴᠠᠬᠠᠢ ᠶᠢ ᠰᠡᠷᠭᠡᠶᠢᠯᠡᠨ ᠵᠠᠰᠠᠪᠠ
ᠨᠡᠶᠢᠲᠡᠯᠡᠭᠰᠡᠨ ᠴᠠᠭ᠄
2018/6/15
     ᠡᠨᠡ ᠵᠢᠯ᠂ ᠥᠪᠥᠷ ᠮᠣᠩᠭᠤᠯ ᠤᠨ ᠲᠠᠯ᠎ᠠ ᠨᠤᠲᠤᠭ ᠤᠨ ᠴᠠᠷᠴᠠᠬᠠᠶ ᠶᠢᠨ ᠬᠤᠣᠷ ᠬᠦᠨᠦᠭᠡᠯ ᠤᠨ ᠬᠤᠭᠤᠴᠠᠭ᠎ᠠ ᠨᠢ ᠥᠩᠭᠡᠷᠡᠭᠰᠡᠨ ᠵᠢᠯ ᠤᠨ ᠬᠢ ᠠᠴᠠ ᠤᠷᠢᠳᠴᠢᠯᠠᠵᠤ᠂ ᠬᠤᠤᠷ ᠬᠦᠨᠦᠭᠡᠯ ᠤᠨ ᠲᠠᠯᠠᠪᠠᠢ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠡᠳᠦᠢ ᠲᠡᠳᠦᠢ ᠦᠷᠭᠡᠳᠴᠡᠢ᠃ ᠣᠳᠣᠬᠠᠨ ᠪᠣᠯᠲᠠᠯ᠎ᠠ᠂ ᠪᠥᠬᠦ ᠣᠷᠣᠨ ᠬᠤᠷᠣᠬᠠᠶ ᠤᠰᠠᠳᠬᠠᠬᠤ ᠲᠠᠷᠢᠶᠠᠨ ᠡᠮ ᠢ 450 ᠲᠦᠮᠡᠨ ᠲᠣᠨ ᠪᠡᠯᠡᠳᠬᠡᠵᠦ᠂ ᠬᠥᠳᠡᠯᠮᠦᠷᠢ ᠬᠦᠴᠦ 3150 ᠬᠥᠮᠦᠨ ᠤᠳᠠᠭ᠎ᠠ᠂ ᠮᠡᠷᠭᠡᠵᠢᠯᠲᠡᠨ 484 ᠬᠥᠮᠦᠨ ᠤᠳᠠᠭ᠎ᠠ ᠵᠤᠬᠢᠶᠠᠨ ᠪᠠᠶᠢᠭᠤᠯᠵᠤ᠂ 327.4 ᠲᠦᠮᠡᠨ ᠮᠥ ᠲᠠᠯᠠᠪᠠᠢ ᠳᠤ ᠲᠠᠯ᠎ᠠ ᠨᠤᠲᠤᠭ ᠤᠨ ᠴᠠᠷᠴᠠᠬᠠᠢ ᠶᠢ ᠰᠡᠷᠭᠡᠶᠢᠯᠡᠨ ᠵᠠᠰᠠᠵᠤ᠂ ᠰᠡᠷᠭᠡᠶᠢᠯᠡᠨ ᠬᠢᠵᠠᠭᠠᠷᠯᠠᠬᠤ ᠠᠵᠢᠯ ᠠᠩᠬ᠎ᠠ ᠠᠯᠬᠤᠮ ᠤᠨ ᠠᠮᠵᠢᠯᠲᠠ ᠤᠯᠪᠠ᠃      ᠥᠪᠥᠷ ᠮᠣᠩᠭᠤᠯ ᠪᠣᠯ ᠲᠠᠯ᠎ᠠ ᠨᠤᠲᠤᠭ ᠤᠨ ᠴᠠᠷᠴᠠᠬᠠᠶ ᠶᠢᠨ ᠬᠦᠨᠦᠭᠡᠯ ᠦᠷᠬᠦᠯᠵᠢ ᠡᠭᠦᠰᠳᠡᠭ ᠣᠷᠣᠨ ᠪᠠ ᠬᠦᠨᠳᠦ ᠨᠤᠴᠢᠲᠠᠢ ᠡᠭᠦᠰᠳᠡᠭ ᠤᠷᠤᠨ ᠪᠤᠯᠤᠨ᠎ᠠ᠃ ᠡᠨᠡ ᠵᠢᠯ ᠤᠨ ᠬᠠᠪᠤᠷ ᠠᠴᠠ ᠨᠠᠰᠢ᠂ ᠡᠮᠦᠨ᠎ᠡ ᠬᠤᠭᠤᠴᠠᠭᠠᠨ ᠤ ᠪᠦᠲᠦᠮᠵᠢᠲᠡᠶ ᠬᠤᠷ᠎ᠠ ᠲᠤᠨᠳᠠᠰᠤ ᠪᠠ ᠰᠡᠭᠦᠯᠴᠢ ᠶᠢᠨ ᠦᠶ᠎ᠡ ᠶᠢᠨ ᠠᠭᠠᠷ ᠤᠨ ᠳᠤᠯᠠᠭᠠᠨ ᠬᠡᠲᠦᠷᠬᠡᠶ ᠥᠨᠳᠥᠷ᠂ ᠬᠤᠷ᠎ᠠ ᠲᠤᠨᠳᠠᠰᠤ ᠪᠠᠭᠠᠳᠠᠭᠰᠠᠨ ᠨᠦᠯᠦᠭᠡ ᠠᠴᠠ ᠪᠤᠯᠵᠤ᠂ ᠲᠠᠯ᠎ᠠ ᠨᠤᠲᠤᠭ ᠤᠨ ᠴᠠᠷᠴᠠᠬᠠᠶ ᠶᠢᠨ ᠬᠤᠣᠷ ᠬᠥᠨᠥᠭᠡᠯ ᠤᠨ ᠬᠤᠭᠤᠴᠠᠭ᠎ᠠ ᠨᠢ ᠥᠩᠭᠡᠷᠡᠭᠰᠡᠨ ᠵᠢᠯ ᠤᠨ ᠬᠢ ᠠᠴᠠ ᠤᠷᠢᠳᠴᠢᠯᠠᠭᠰᠠᠨ ᠪᠠᠶᠢᠨ᠎ᠠ᠃ 6 ᠳ᠋ᠤᠭᠠᠷ ᠰᠠᠷ᠎ᠠ ᠶᠢᠨ ᠡᠬᠢ ᠪᠠᠷ᠂ ᠰᠢᠯᠢ ᠶᠢᠨ ᠭᠤᠤᠯ ᠠᠶᠢᠮᠠᠭ ᠤᠨ ᠰᠢᠯᠢᠩᠬᠤᠲᠠ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠦᠬᠡ ᠬᠤᠰᠢᠭᠤ᠂ ᠲᠠᠶᠢᠪᠤᠰᠧ ᠬᠤᠰᠢᠭᠤ᠂ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠠ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠵᠡᠷᠭᠡ ᠭᠠᠵᠠᠷ ᠤᠷᠤᠨ ᠳᠤ ᠲᠠᠯ᠎ᠠ ᠨᠤᠲᠤᠭ ᠤᠨ ᠴᠠᠷᠴᠠᠬᠠᠶ ᠶᠢᠨ ᠬᠤᠣᠷ ᠬᠥᠨᠥᠭᠡᠯ ᠨᠡᠯᠢᠶᠡᠳ ᠬᠦᠨᠳᠦ ᠨᠣᠴᠢᠲᠠᠶ ᠡᠭᠦᠰᠦᠭᠰᠡᠨ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠣᠳᠣᠬᠠᠨ ᠳᠤ ᠪᠥᠬᠦ ᠣᠷᠣᠨ ᠤ ᠲᠠᠯ᠎ᠠ ᠨᠤᠲᠤᠭ ᠤᠨ ᠴᠠᠷᠴᠠᠬᠠᠶ ᠶᠢᠨ ᠬᠤᠤᠷ ᠬᠦᠨᠦᠭᠡᠯ ᠤᠨ ᠲᠠᠯᠠᠪᠠᠢ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠡᠳᠦᠢ ᠲᠡᠳᠦᠢ ᠦᠷᠭᠡᠳᠴᠡᠢ᠂ ᠭᠤᠣᠯᠳᠠᠭᠤ ᠬᠡᠰᠡᠭ ᠬᠡᠪᠴᠢᠶᠡᠨ ᠳᠤ ᠡᠭᠦᠰᠬᠦ ᠪᠠᠷ ᠭᠤᠤᠯ ᠪᠤᠯᠭᠠᠵᠤ᠂ ᠶᠡᠭᠡ ᠬᠡᠪᠴᠢᠶ᠎ᠡ ᠪᠠᠷ ᠰᠢᠷᠦᠭᠦᠨ ᠡᠭᠦᠰᠦᠭᠰᠡᠨ ᠦᠭᠡᠢ ᠪᠤᠯᠬᠤᠷ ᠰᠡᠷᠭᠡᠶᠢᠯᠡᠨ ᠬᠤᠷᠢᠭᠯᠠᠵᠤ ᠪᠤᠯᠬᠤ ᠪᠠᠶᠢᠳᠠᠯ ᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号