ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠳᠠᠷᠤᠮᠠᠯᠯᠠᠨ ᠲᠠᠷᠬᠠᠭᠠᠵᠤ  ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠎ ᠳᠠᠬᠢ ᠲᠠᠪᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2018/6/15
     2018 ᠣᠨ ᠤ 6 ᠳ᠋ᠤᠭᠠᠷ ᠰᠠᠷ᠎ᠠ ᠶᠢᠨ 2᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2018 —2020 ᠣᠨ︶︾᠎ ᠤᠨ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃ ᠡᠭᠦᠨ ᠳᠤ ᠢᠷᠡᠬᠦ ᠭᠤᠷᠪᠠᠨ ᠵᠢᠯ ᠤᠨ ᠬᠥᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭᠠᠨ ᠳᠤᠮᠳᠠᠬᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠠᠪᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃      ᠨᠢᠭᠡ ᠳᠤ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠤᠰ ᠭᠠᠵᠠᠷ ᠣᠷᠣᠨ ᠤ ᠪᠠᠨ ᠠᠶᠢᠯ ᠲᠣᠰᠬᠤᠨ ᠤ ᠪᠠᠶᠢᠷᠢᠰᠢᠯ ᠢ ᠵᠦᠢ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠦᠯ ᠬᠤᠪᠢᠶᠠᠨ ᠲᠣᠭᠲᠠᠭᠠᠵᠤ᠂ ᠲᠥᠯᠥᠪᠵᠢᠭᠦᠯᠭᠡ ᠶᠢᠨ ᠲᠥᠰᠥᠭᠡᠯᠡᠬᠦ ᠴᠢᠨᠠᠷ ᠪᠣᠯᠣᠨ ᠬᠢᠵᠠᠭᠠᠷᠯᠠᠬᠤ ᠬᠦᠴᠦᠨ ᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠤᠭ ᠨᠣᠪᠰᠢ ᠪᠣᠯᠣᠨ ᠪᠣᠬᠢᠷ ᠤᠰᠤᠨ ᠤ ᠰᠢᠢᠳᠪᠦᠷᠢᠯᠡᠯᠲᠡ᠂ ᠵᠣᠷᠯᠣᠩ ᠤᠨ ᠬᠤᠪᠢᠰᠬᠠᠯ ᠵᠡᠷᠭᠡ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠵᠣᠷᠢᠭᠵᠢᠭᠤᠯᠤᠨ᠎ᠠ᠃      ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠶᠢ ᠠᠬᠢᠭᠤᠯᠤᠨ᠎ᠠ᠃ ᠭᠠᠴᠠᠭ᠎ᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠤᠨ ᠰᠢᠶᠳᠪᠦᠷᠢᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮᠵᠢ ᠶᠢ ᠪᠠᠶᠢᠭᠤᠯᠵᠤ᠂ ᠠᠶᠢᠯ ᠲᠣᠰᠬᠤᠨ ᠤ ᠲᠠᠷᠬᠠᠯᠲᠠ᠂ ᠵᠥᠭᠡᠭᠡᠪᠦᠷᠢᠯᠡᠬᠦ ᠵᠠᠶ᠂ ᠠᠵᠤ ᠠᠬᠤᠶ ᠶᠢᠨ ᠨᠥᠬᠦᠴᠡᠯ ᠵᠡᠷᠭᠡ ᠬᠦᠴᠦᠨ ᠵᠦᠢᠯ ᠢ ᠦᠨᠳᠦᠰᠦᠯᠡᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ ᠰᠢᠶᠳᠪᠦᠷᠢᠯᠡᠬᠦ ᠠᠷᠭ᠎ᠠ ᠮᠠᠶ᠋ᠢᠭ ᠢ ᠲᠣᠭᠲᠠᠭᠠᠨ᠎ᠠ᠃ ᠭᠠᠴᠠᠭ᠎ᠠ ᠲᠣᠰᠬᠤᠨ ᠤ ᠴᠡᠪᠡᠷᠯᠡᠭᠴᠢ ᠶᠢᠨ ᠡᠩᠨᠡᠭᠡ ᠶᠢ ᠪᠦᠬᠦ ᠲᠠᠯ᠎ᠠ ᠪᠠᠷ ᠪᠠᠶᠢᠭᠤᠯᠤᠨ᠎ᠠ᠃ ᠳᠤᠷ᠎ᠠ ᠎ ᠪᠠᠷ ᠢᠶᠠᠨ ᠬᠤᠭ ᠨᠣᠪᠰᠢ ᠣᠪᠣᠭᠠᠯᠠᠬᠤ ᠴᠢᠭ᠋ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠦᠨ᠎ᠡ᠃      ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠱᠠᠲᠤᠴᠢᠯᠠᠨ ᠠᠬᠢᠭᠤᠯᠵᠤ᠂ ᠬᠤᠰᠢᠭᠤ ᠰᠢᠶᠠᠨ ︵ᠬᠤᠳᠠ᠂ ᠲᠣᠭᠤᠷᠢᠭ︶᠎ ᠢᠶᠠᠷ ᠨᠢᠭᠡᠴᠡ ᠪᠣᠯᠭᠠᠨ᠂ ᠣᠷᠣᠨ ᠪᠦᠰᠡ ᠶᠢᠨ ᠪᠣᠬᠢᠷ ᠤᠰᠤᠨ ᠤ ᠵᠠᠰᠠᠯᠲᠠ ᠶᠢᠨ ᠪᠡᠯᠡᠳᠬᠡᠮᠵᠢ ᠶᠢ ᠵᠦᠢ ᠵᠣᠬᠢᠰᠲᠠᠶ ᠪᠠᠶᠢᠷᠢᠰᠢᠭᠤᠯᠵᠤ᠂ ᠬᠥᠮᠦᠨ ᠠᠮᠠ ᠨᠢᠭᠲᠠᠷᠬᠠᠰᠠᠨ ᠭᠠᠵᠠᠷ ᠣᠷᠣᠨ᠂ ᠣᠷᠴᠢᠨ ᠲᠣᠭᠤᠷᠢᠨ ᠤ ᠰᠡᠷᠭᠡᠭ ᠭᠠᠵᠠᠷ ᠣᠷᠣᠨ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠠᠶᠢᠯ ᠲᠣᠰᠬᠤᠨ ᠵᠡᠷᠭᠡ ᠭᠠᠵᠠᠷ ᠤᠨ ᠪᠣᠬᠢᠷ ᠤᠰᠤᠨ ᠤ ᠵᠠᠰᠠᠯᠲᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠪᠣᠬᠢᠷ ᠤᠰᠤ ᠶᠢ ᠰᠢᠶᠳᠪᠦᠷᠢᠯᠡᠬᠦ ᠰᠢᠨᠵᠢᠯᠡᠬᠦ ᠤᠬᠠᠭᠠᠨᠴᠢ ᠵᠠᠭᠪᠤᠷ ᠢ ᠰᠤᠩᠭᠤᠨ᠎ᠠ᠃      ᠲᠦᠷᠪᠡ ᠳᠤ ᠵᠣᠷᠯᠣᠩ ᠤᠨ ᠪᠠᠭᠠᠰᠤ ᠰᠢᠭᠡᠰᠦᠨ ᠤ ᠪᠣᠬᠢᠷᠲᠤᠯ ᠤᠨ ᠵᠠᠰᠠᠯᠲᠠ ᠶᠢ ᠥᠷᠨᠢᠭᠦᠯᠦᠨ᠎ᠡ᠃ ᠵᠣᠷᠯᠣᠩ ᠢ ᠥᠭᠡᠷᠡᠴᠢᠯᠡᠬᠦ ᠬᠡᠪ ᠵᠠᠭᠪᠤᠷ ᠢᠶᠠᠨ ᠵᠦᠢ ᠵᠣᠬᠢᠰᠲᠠᠶ ᠰᠤᠩᠭᠤᠨ᠂ ᠡᠯ᠎ᠡ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠪᠠᠷᠢᠬᠤ ᠰᠢᠨᠡᠳᠬᠡᠨ ᠵᠠᠰᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯᠲᠤ ᠵᠣᠷᠯᠣᠩ ᠤᠨ ᠲᠥᠭᠡᠮᠡᠯᠵᠢᠭᠦᠯᠦᠯ ᠤᠨ ᠨᠤᠷᠮ᠎ᠠ ᠶᠢ 85%᠎ ᠠᠴᠠ ᠳᠡᠭᠡᠭᠰᠢ ᠳᠤ ᠬᠦᠷᠦᠭᠦᠯᠦᠨ᠎ᠡ᠃      ᠲᠠᠪᠤ ᠳᠤ ᠠᠶᠢᠯ ᠲᠣᠰᠬᠤᠨ ᠤ ᠳᠦᠷᠰᠦ ᠪᠠᠶᠢᠳᠠᠯ ᠢ ᠰᠢᠨᠡᠳᠬᠡᠨ᠎ᠡ᠃ ᠠᠶᠢᠯ ᠲᠣᠰᠬᠤᠨ ᠤ ᠤᠯᠠᠨ ᠨᠡᠶᠢᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠦ᠂ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ᠂ ᠳᠤᠷ᠎ᠠ ᠪᠠᠷ ᠢᠶᠠᠨ ᠣᠪᠣᠭᠠᠯᠠᠬᠤ ᠴᠢᠭ᠋ ᠢ ᠠᠷᠢᠯᠭᠠᠵᠤ᠂ ᠨᠤᠷᠠᠵᠤ ᠬᠠᠭᠤᠴᠢᠷᠠᠭᠰᠠᠨ ᠬᠡᠷᠡᠮ ᠬᠠᠰᠢᠶ᠎ᠠ ᠶᠢ ᠨᠤᠷᠠᠭᠠᠨ᠎ᠠ᠃ ᠬᠦᠷᠢᠶ᠎ᠡ ᠬᠠᠰᠢᠶ᠎ᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠤᠵᠠᠷ ᠰᠠᠮᠠᠭᠤᠨ ᠪᠠᠷᠤᠭᠲᠠᠶ ᠠᠰᠠᠭᠤᠳᠠᠯ ᠢ ᠰᠢᠢᠳᠪᠦᠷᠢᠯᠡᠨ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠦ᠂ ᠠᠶᠢᠯ ᠲᠣᠰᠬᠤᠨ ᠤ ᠳᠦᠷᠰᠦ ᠪᠠᠶᠢᠳᠠᠯ ᠪᠣᠯᠣᠨ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠤᠯᠠᠮᠵᠢᠯᠠᠯᠲᠤ ᠠᠶᠢᠯ ᠲᠤᠰᠬᠤᠨ ᠤ ᠣᠷᠣᠨ ᠰᠠᠭᠤᠴᠠ᠂ ᠲᠡᠦᠬᠡ ᠰᠣᠶᠣᠯ ᠤᠨ ᠠᠯᠳᠠᠷᠲᠤ ᠭᠠᠴᠠᠭ᠎ᠠ ᠪᠠᠯᠭᠠᠰᠤ ᠪᠣᠯᠣᠨ ᠲᠡᠦᠬᠡ ᠶᠢᠨ ᠳᠤᠷᠠᠰᠬᠠᠯᠲᠤ ᠵᠦᠢᠯ᠂ ᠡᠷᠲᠡᠨ ᠤ ᠪᠠᠷᠢᠯᠭ᠎ᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ 2020 ᠣᠨ ᠪᠣᠯᠬᠤ ᠳᠤ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠤᠷᠮ᠎ᠠ ᠶᠢ 30%᠎ ᠠᠴᠠ ᠳᠡᠭᠡᠭᠰᠢ ᠳᠤ ᠬᠦᠷᠦᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号