ᠡᠨᠡ ᠵᠢᠯ ᠠᠴᠠ ᠨᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠲᠤᠭᠲᠠᠭᠤᠨ ᠪᠠᠶᠢᠵᠤ᠂ ᠡᠯ᠎ᠡ ᠵᠦᠢᠯ ᠤᠨ ᠠᠶᠤᠯ ᠦᠭᠡᠢ | ᠦᠢᠯᠡᠳᠪᠦᠷᠢᠯᠡᠯ ᠡᠭᠦᠰᠦᠭᠰᠡᠨ ᠠᠳᠡᠯ ᠪᠠ ᠦᠬᠦᠵᠦ ᠠᠳᠡᠭᠰᠡᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ | ᠬᠢ ᠠᠴᠠ ᠶᠡᠭᠡ ᠬᠡᠮᠵᠢᠶ᠎ᠡ ᠪᠠᠷ ᠪᠠᠭᠠᠰᠴᠤ᠂ ᠪᠦᠬᠦ ᠤᠯᠤᠰ ᠤᠨ ᠳᠣᠮᠳᠠᠴᠢ ᠬᠢᠷᠢ ᠲᠥᠪᠰᠢᠨ ᠠᠴᠠ ᠰᠠᠶᠢᠨ ᠪᠠᠶᠢᠨ᠎ᠠ᠃ | 1 — 5 ᠳ᠋ᠤᠭᠠᠷ ᠰᠠᠷ᠎ᠠ ᠳᠤ᠂ ᠪᠦᠬᠦ ᠣᠷᠣᠨ ᠳᠤ ᠡᠯ᠎ᠡ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ | 207 ᠤᠳᠠᠭ᠎ᠠ ᠡᠭᠦᠰᠴᠦ᠂ ᠦᠬᠦᠵᠦ ᠠᠳᠡᠭᠰᠡᠨ ᠨᠢ 184 ᠬᠥᠮᠥᠨ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 78 ᠠᠳᠡᠯ᠂ 52 ᠬᠥᠮᠥᠨ ᠪᠠᠭᠠᠰᠴᠤ᠂ ᠲᠣᠰ ᠲᠣᠰ 27% ᠪᠠ 22% ᠪᠠᠭᠠᠰᠴᠤ᠂ ᠣᠨᠴᠠ ᠶᠡᠭᠡ | ᠬᠦᠨᠳᠦ ᠠᠳᠡᠯ ᠡᠭᠦᠰᠦᠭᠰᠡᠨ ᠦᠭᠡᠢ ᠪᠠᠶᠢᠳᠠᠭ᠃ | ᠥᠪᠥᠷ ᠮᠣᠩᠭᠤᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢ ᠦᠨᠳᠦᠰᠦᠯᠡᠪᠡᠯ᠂ ᠬᠡᠳᠦᠶᠢᠪᠡᠷ ᠶᠡᠷᠦᠩᠬᠡᠢ ᠳᠡᠭᠡᠨ | ᠲᠣᠭᠲᠠᠭᠤᠨ ᠪᠠᠶᠢᠪᠠᠴᠤ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠠᠶᠢᠳᠠᠯ | ᠨᠠᠷᠢᠨ ᠪᠤᠳᠤᠯᠢᠶᠠᠨᠲᠠᠢ ᠪᠠᠶᠢᠨ᠎ᠠ᠃ ᠡᠭᠦᠨ ᠳᠤ᠂ ᠤᠯᠠᠮᠵᠢᠯᠠᠯᠲᠤ ᠪᠤᠰᠤ ᠠᠶᠤᠯ ᠶᠡᠬᠡᠲᠡᠢ ᠠᠵᠢᠯ ᠲᠥᠷᠥᠯ ᠤᠨ ᠠᠳᠡᠯ | ᠣᠯᠠᠨ ᠡᠭᠦᠰᠬᠦ ᠦᠵᠡᠭᠳᠡᠯ ᠡᠳᠦᠷ ᠢᠷᠡᠬᠦᠶ᠎ᠡ ᠲᠣᠪᠣᠶᠢᠮ᠎ᠠ ᠪᠠᠶᠢᠨ᠎ᠠ᠃ ᠣᠳᠣᠬᠠᠨ ᠳᠤ᠂ ᠭᠤᠣᠯᠳᠠᠯᠭ᠎ᠠ ᠲᠠᠢ ᠬᠢᠨᠠᠵᠤ | ᠬᠠᠮᠢᠶᠠᠷᠴᠤ ᠪᠠᠶᠢᠭ᠎ᠠ ᠪᠠ ᠰᠡᠷᠭᠡᠶᠢᠯᠡᠵᠤ ᠪᠠᠶᠢᠭ᠎ᠠ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ | ᠠᠶᠤᠯ ᠲᠠᠢ ᠬᠢᠮᠢ ᠶᠢᠨ ᠪᠤᠳᠠᠰ᠂ ᠪᠠᠷᠢᠯᠭ᠎ᠠ᠂ ᠵᠠᠮ ᠲᠡᠭᠡᠭᠡᠪᠦᠷᠢ ᠵᠡᠷᠭᠡ ᠠᠶᠤᠯ ᠶᠡᠬᠡᠲᠡᠢ ᠤᠯᠠᠮᠵᠢᠯᠠᠯᠲᠤ ᠠᠵᠢᠯ | ᠲᠥᠷᠥᠯ ᠤᠨ ᠬᠦᠷᠢᠶᠡᠨ ᠳᠤ ᠠᠮᠤᠷ ᠲᠦᠪᠰᠢᠨ ᠤ ᠪᠠᠶᠢᠳᠠᠯ ᠦᠨᠳᠦᠰᠦᠨ ᠳᠡᠭᠡᠨ ᠲᠤᠭᠲᠠᠭᠤᠨ ᠪᠠᠶᠢᠨ᠎ᠠ᠂ ᠭᠡᠪᠡᠴᠦ | ᠡᠩ ᠤᠨ ᠴᠠᠭ ᠲᠤ ᠠᠩᠬᠠᠷᠤᠮᠵᠢ ᠳᠤᠲᠠᠮᠠᠭ ᠪᠠᠶᠢᠳᠠᠭ ᠪᠥᠭᠡᠮ ᠢᠶᠠᠷ ᠪᠠ ᠵᠢᠵᠢᠭᠯᠡᠨ ᠬᠤᠳᠠᠯᠳᠤᠬᠤ᠂ ᠬᠥᠮᠦᠷᠢᠭᠡ ᠶᠢᠨ | ᠪᠣᠳᠠᠰ ᠤᠨ ᠭᠦᠢᠯᠭᠡᠭᠡ᠂ ᠤᠳᠬ᠎ᠠ ᠤᠷᠠᠯᠢᠭ ᠪᠡᠶ᠎ᠡ ᠶᠢᠨ ᠲᠠᠮᠢᠷ ᠵᠤᠭ᠎ᠠ ᠴᠡᠩᠭᠡᠯ᠂ ᠰᠠᠭᠤᠭᠠᠯᠢ ᠠᠷᠠᠳ ᠤᠨ | ᠦᠢᠯᠡᠴᠢᠯᠡᠭᠡ᠂ ᠴᠠᠬᠢᠯᠭᠠᠨ ᠬᠦᠴᠦᠨ ᠤ ᠬᠠᠩᠭᠠᠯᠭ᠎ᠠ ᠵᠡᠷᠭᠡ ᠤᠯᠠᠮᠵᠢᠯᠠᠯᠲᠤ ᠪᠤᠰᠤ ᠠᠵᠢᠯ ᠲᠥᠷᠥᠯ ᠳᠤ ᠠᠶᠤᠯ | ᠣᠯᠠᠰᠢᠷᠠᠵᠤ᠂ ᠠᠳᠡᠭᠰᠡᠨ ᠬᠥᠮᠥᠨ ᠤ ᠲᠤᠭ᠎ᠠ ᠨᠢ ᠦᠢᠯᠡᠳᠪᠦᠷᠢ ᠠᠭᠤᠷᠬᠠᠢ ᠠᠷᠠᠯᠵᠢᠶ᠎ᠠ ᠶᠢᠨ ᠬᠢᠨ ᠤ ᠶᠡᠷᠦᠩᠬᠡᠢ | ᠲᠣᠭᠠᠨ ᠤ ᠬᠠᠭᠠᠰ ᠰᠢᠬᠠᠮ ᠢ ᠡᠵᠡᠯᠡᠪᠡ᠃ ᠡᠳᠡᠭᠡᠷ ᠠᠵᠢᠯ ᠲᠥᠷᠥᠯ ᠤᠨ ᠠᠵᠤ ᠠᠬᠤᠶᠢᠯᠠᠯ ᠤᠨ ᠣᠯᠠᠩᠬᠢ ᠨᠢ | ᠵᠢᠵᠢᠭ ᠪᠢᠴᠢᠯ ᠠᠵᠤ ᠠᠬᠤᠶᠢᠯᠠᠯ ᠪᠠᠶᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠡᠭᠦᠷᠭᠡ | ᠬᠠᠷᠢᠭᠤᠴᠠᠯᠭ᠎ᠠ ᠨᠢ ᠰᠣᠯᠢᠪᠴᠢᠯᠠᠬᠤ᠂ ᠳᠠᠪᠬᠤᠷᠳᠠᠬᠤ᠂ ᠬᠤᠪᠢᠶᠠᠷᠢᠯᠠᠯ ᠨᠢ ᠲᠣᠳᠣᠷᠬᠠᠢ ᠪᠣᠰᠤ᠂ ᠢᠯᠭᠠᠪᠤᠷᠢ ᠦᠭᠡᠢ | ᠵᠡᠷᠭᠡ ᠠᠰᠠᠭᠤᠳᠠᠯ ᠣᠷᠣᠰᠢᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠪᠠ ᠰᠡᠯᠡᠭᠦᠨ ᠣᠷᠣᠨ ᠪᠣᠯᠵᠤ | ᠪᠠᠶᠢᠳᠠᠭ ᠪᠣᠯᠬᠤᠷ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠤᠯᠠᠮᠵᠢᠯᠠᠯᠲᠤ | ᠪᠤᠰᠤ ᠠᠶᠤᠯ ᠶᠡᠬᠡᠲᠡᠢ ᠠᠵᠢᠯ ᠲᠥᠷᠥᠯ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠢᠯᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢᠯᠡᠷᠡᠬᠦ ᠠᠴᠠ ᠰᠡᠷᠭᠡᠶᠢᠯᠡᠬᠦ ᠬᠡᠷᠡᠭᠲᠡᠢ ᠪᠣᠯᠵᠤ | ᠪᠠᠶᠢᠨ᠎ᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ | ᠠᠵᠢᠯ ᠰᠤᠯᠠ ᠪᠠᠶᠢᠬᠤ᠂ ᠦᠨᠳᠦᠰᠦᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠦᠨ ᠪᠠᠭᠤᠷᠠᠢ | ᠪᠠᠶᠢᠬᠤ ᠠᠰᠠᠭᠤᠳᠠᠯ ᠨᠡᠶᠢᠳᠡᠮ ᠣᠷᠣᠰᠢᠵᠤ᠂ ᠡᠭᠦᠨ ᠤ ᠳᠡᠭᠡᠷ᠎ᠡ ᠨᠢ ᠬᠤᠶᠠᠳᠤᠭᠠᠷ᠂ ᠭᠤᠷᠪᠠᠳᠤᠭᠠᠷ ᠤᠯᠠᠷᠢᠯ ᠪᠣᠯ | ᠡᠯ᠎ᠡ ᠵᠦᠢᠯ ᠤᠨ ᠦᠢᠯᠡᠳᠪᠦᠷᠢᠯᠡᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠠᠭᠠᠷᠠᠯᠲᠠᠢ ᠬᠤᠭᠤᠴᠠᠭ᠎ᠠ | ᠪᠣᠯᠬᠤ ᠪᠥᠭᠡᠳ ᠪᠠᠰᠠᠴᠤ ᠠᠳᠡᠯ ᠬᠡᠷᠡᠭ ᠠᠮᠠᠷᠬᠠᠨ ᠡᠭᠦᠰᠳᠡᠭ ᠣᠷᠭᠢᠯ ᠬᠤᠭᠤᠴᠠᠭ᠎ᠠ ᠪᠣᠯᠬᠤᠷ ᠣᠨᠴᠠ ᠶᠡᠭᠡ | ᠠᠳᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠮᠥᠨ ᠯᠡ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠳᠡᠭᠡᠷᠡᠬᠢ ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠬᠠᠨᠳᠤᠭᠤᠯᠤᠨ᠂ ᠥᠪᠡᠷᠲᠡᠭᠡᠨ ᠵᠠᠰᠠᠬᠤ ᠣᠷᠣᠨ ᠤ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠥᠨᠥᠬᠡᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠪᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠶᠢᠳᠠᠯ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠬᠢᠵᠦ᠂ | ᠪᠠᠶᠢᠴᠠᠭᠠᠵᠤ ᠣᠯᠣᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠣᠶᠣ ᠲᠣᠣᠱᠲᠠᠢ ᠴᠡᠭᠴᠡᠯᠡᠨ | ᠰᠠᠶᠢᠵᠢᠷᠠᠭᠤᠯᠤᠭᠰᠠᠨ ᠦᠭᠡᠢ ᠪᠠᠶᠢᠭᠰᠠᠳ ᠢ ᠠᠳᠡᠯ ᠢᠶᠠᠷ ᠪᠠᠶᠢᠴᠠᠭᠠᠨ ᠰᠢᠢᠳᠪᠦᠷᠢᠯᠡᠨ᠎ᠡ᠃ ᠦᠢᠯᠡᠳᠪᠦᠷᠢᠯᠡᠯ ᠢ ᠨᠢ | ᠵᠣᠭᠰᠤᠭᠠᠵᠤ ᠴᠡᠭᠴᠡᠯᠡᠯᠲᠡ ᠬᠢᠬᠦ᠂ ᠬᠠᠭᠠᠵᠤ ᠵᠣᠭᠰᠤᠭᠠᠬᠤ ᠪᠠ ᠬᠦᠴᠦᠨ ᠦᠭᠡᠢ ᠪᠣᠯᠭᠠᠬᠤ᠂ ᠳᠡᠭᠡᠳᠦ | ᠬᠢᠵᠠᠭᠠᠷ ᠢᠶᠠᠷ ᠰᠢᠳᠬᠡᠨ ᠲᠤᠷᠭᠠᠬᠤ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠬᠠᠤᠯᠢ ᠬᠡᠷᠡᠭᠵᠢᠭᠦᠯᠬᠦ | ᠠᠷᠭ᠎ᠠ ᠬᠡᠮᠵᠢᠶ᠎ᠡ ᠪᠠ ᠪᠢᠲᠡᠭᠦᠮᠵᠢᠯᠡᠬᠦ᠂ ᠪᠠᠷᠢᠴᠠᠭᠠᠯᠠᠬᠤ᠂ ᠴᠠᠬᠢᠯᠭᠠᠨ ᠢ ᠨᠢ ᠵᠤᠭᠰᠤᠭᠠᠬᠤ ᠵᠡᠷᠭᠡ ᠠᠯᠪᠠᠳᠠᠯᠭ᠎ᠠ ᠶᠢᠨ | ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠲᠣᠭᠲᠠᠭᠠᠯ ᠢ ᠵᠥᠷᠢᠴᠡᠭᠰᠡᠨ ᠬᠠᠤᠯᠢ ᠪᠤᠰᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ᠬᠠᠤᠯᠢ ᠶᠢ ᠵᠥᠷᠢᠴᠡᠭᠰᠡᠨ ᠨᠡᠶᠢᠲᠡᠯᠢᠭ ᠦᠢᠯᠡ ᠠᠵᠢᠯᠯᠠᠭ᠎ᠠ᠂ ᠬᠠᠤᠯᠢ ᠶᠢ | ᠵᠥᠷᠢᠴᠡᠭᠰᠡᠨ ᠠᠵᠤ ᠠᠬᠤᠶᠢᠯᠠᠯ᠂ ᠬᠠᠤᠯᠢ ᠶᠢ ᠵᠦᠷᠢᠴᠡᠭᠰᠡᠳ ᠢ ᠢᠯᠡᠴᠢᠯᠡᠬᠦ ᠪᠦᠭᠡᠳ ᠬᠠᠷ᠎ᠠ ᠳᠠᠩᠰᠠᠨ ᠤ | ᠬᠠᠮᠢᠶᠠᠷᠤᠯᠲᠠ ᠳᠤ ᠤᠷᠤᠭᠤᠯᠵᠤ ᠬᠠᠮᠲᠤᠷᠠᠨ ᠵᠠᠯᠬᠠᠭᠠᠨ ᠰᠢᠳᠬᠡᠨ᠎ᠡ᠃ |