ᠲᠦᠩᠯᠢᠶᠣᠤ ᠬᠤᠲᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠳᠡᠳᠬᠦᠵᠦ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2018/6/15
     ᠣᠶᠢᠷ᠎ᠠ ᠶᠢᠨ ᠵᠢᠯ ᠤᠳ ᠲᠤ᠂ ᠲᠦᠩᠯᠢᠶᠣᠤ ᠬᠤᠲᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠶᠡᠬᠡᠪᠡᠷ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠯᠠᠨ ᠲᠦᠮᠡᠨ ᠡᠯᠧᠺᠲᠷᠣᠨ ᠬᠤᠳᠠᠯᠳᠤᠭ᠎ᠠ ᠪᠠᠷ ᠳᠠᠮᠵᠢᠨ ᠠᠳᠠᠯ ᠦᠢᠯᠡᠰ ᠴᠣᠭᠴᠠᠯᠠᠨ ᠠᠵᠢᠯ ᠣᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠢᠶᠠᠯᠠᠩ ᠳᠤ ᠬᠤᠯᠪᠣᠭᠳᠠᠭᠰᠠᠨ ᠥᠪᠡᠷ ᠥᠪᠡᠷ ᠤᠨ ᠣᠨᠴᠠᠯᠢᠭ ᠲᠠᠢ ᠲᠠᠪᠴᠠᠩ ᠪᠠᠶᠢᠭᠤᠯᠵᠤ᠂ ︽ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠵᠤ᠂ ᠠᠵᠤ ᠦᠢᠯᠡᠳᠪᠦᠷᠢ ᠶᠢᠨ ᠦᠢᠯᠡᠳᠭᠡᠭᠦᠨ ᠢ ᠬᠥᠳᠡᠭᠡ ᠲᠣᠰᠬᠤᠨ ᠳᠤ ᠪᠠᠭᠤᠯᠭᠠᠬᠤ︾ ᠬᠤᠣᠰ ᠴᠢᠭᠯᠡᠯᠲᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠰᠢᠰᠲ᠋ᠧᠮᠵᠢ ᠶᠢ ᠪᠠᠶᠢᠭᠤᠯᠵᠠᠢ᠃ 2017 ᠣᠨ ᠪᠣᠯᠲᠠᠯ᠎ᠠ᠂ ᠪᠥᠬᠦ ᠬᠤᠲᠠ ᠬᠤᠪᠢ ᠶᠢᠨ ᠲᠠᠪᠴᠠᠩ ᠢ 32 ᠡᠷᠦᠬᠡ ᠪᠠᠶᠢᠭᠤᠯᠵᠠᠢ᠂ ᠡᠭᠦᠨ ᠳᠤ ᠵᠢᠯ ᠤᠨ ᠠᠷᠠᠯᠵᠢᠶᠠᠨ ᠤ ᠲᠤᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ 4 ᠡᠷᠦᠬᠡ ᠪᠤᠢ︔ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠦᠲᠦᠭᠡᠨ ᠪᠠᠶᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠤᠨ᠂ ᠬᠥᠳᠡᠭᠡ ᠲᠤᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠶᠢ ᠲᠦᠭᠡᠮᠡᠯᠵᠢᠭᠦᠯᠪᠡ᠃ 2017 ᠣᠨ ᠪᠣᠯᠲᠠᠯ᠎ᠠ᠂ ᠪᠦᠬᠦ ᠬᠤᠳᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠷᠲᠡᠭᠡ ᠶᠢ 3832 ᠪᠠᠶᠢᠭᠤᠯᠵᠠᠢ︔ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠤᠯᠤᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠶ  ᠮᠠᠯᠴᠢᠨ ᠲᠠᠷᠢᠶᠠᠴᠢᠳ ᠢ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠬᠤ ᠶᠢ ᠲᠦᠯᠬᠢᠨ ᠠᠬᠢᠭᠤᠯᠵᠠᠢ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠠᠢᠮᠠᠨ ᠬᠤᠰᠢᠭᠤ ᠵᠡᠷᠭᠡ 6 ᠬᠤᠰᠢᠭᠤ ᠰᠢᠶᠠᠨ ᠤᠷᠢᠳ ᠬᠤᠵᠢᠳ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠤᠯᠤᠰ ᠤᠨ ᠲᠠᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠵᠦ᠂ ᠬᠤᠰᠢᠭᠤ ᠰᠢᠶᠠᠨ ᠨᠢᠭᠡᠪᠦᠷᠢ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠨᠥᠬᠦᠪᠥᠷᠢ ᠶᠢᠨ ᠪᠡᠯᠡ ᠮᠥᠩᠭᠦ ᠶᠢ 2000 ᠲᠦᠮᠡᠨ ᠲᠥᠭᠦᠷᠢᠭ ᠣᠯᠪᠠ︔ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠴᠢᠬ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠭᠠᠵᠠᠷ ᠤᠨ ᠬᠥᠳᠡᠭᠡ ᠠᠵᠤ ᠠᠬᠤᠶ ᠶᠢᠨ ᠭᠤᠣᠯᠯᠠᠬᠤ ᠠᠵᠤ ᠦᠢᠯᠡᠰ ᠪᠣᠯᠣᠨ ᠣᠨᠴᠠᠯᠢᠭᠲᠤ ᠠᠵᠤ ᠦᠢᠯᠡᠰ ᠢᠶᠠᠷ ᠠᠴᠢᠶᠠᠯᠠᠪᠤᠷᠢ ᠪᠣᠯᠭᠠᠨ᠂ ᠡᠯᠧᠺᠲᠷᠤᠨ ᠬᠤᠳᠠᠯᠳᠤᠭ᠎ᠠ  ᠪᠠᠷ ᠶᠠᠳᠠᠭᠤ ᠶᠢ ᠲᠡᠳᠬᠦᠬᠦ‍ ᠨᠢᠭᠡ ᠪᠦᠯᠦᠭ ᠵᠢᠱᠢᠶ᠎ᠡ ᠦᠵᠡᠭᠦᠯᠬᠦ ᠴᠢᠬ ᠭᠠᠷᠭᠠᠵᠤ᠂ ᠡᠯᠧᠺᠲᠷᠣᠨ ᠬᠤᠳᠠᠯᠳᠤᠭᠠᠨ ᠤ ᠤᠨᠴᠠᠯᠢᠭᠳᠤ ᠲᠠᠸᠠᠷ ᠤᠨ ᠨᠡᠷᠡᠲᠦ ᠲᠡᠮᠳᠡᠭᠲᠦ ᠶᠢ ᠪᠣᠶᠢᠵᠢᠭᠤᠯᠤᠨ᠂ ᠬᠤᠷᠴᠢᠨ ᠲᠣᠭᠤᠷᠢᠭ ᠤᠨ ᠮᠤᠷᠤᠶ ᠶᠢᠨ ᠰᠦᠮ᠎ᠡ ᠶᠢᠨ ᠬᠤᠨᠢᠨ ᠲᠠᠯᠠᠪᠠᠢ ᠵᠡᠷᠭᠡ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠭᠠᠴᠠᠭ᠎ᠠ ᠶᠢ 12 ᠪᠠᠶᠢᠭᠤᠯᠪᠠ᠃ ᠡᠭᠦᠨ ᠠᠴᠠ ᠭᠠᠳᠠᠨ᠎ᠠ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠳᠤᠮᠳᠠ᠂ ᠲᠦᠷᠦ ᠶᠢᠨ ᠪᠤᠳᠤᠯᠭ᠎ᠠ ᠪᠣᠯᠣᠨ ᠪᠡᠯᠡ ᠮᠥᠩᠭᠦ ᠶᠢ ᠣᠨᠴᠠ ᠶᠠᠳᠠᠭᠤ ᠬᠦᠴᠢᠷᠳᠡᠯᠲᠡᠢ 22 ᠲᠣᠰᠬᠤᠨ ᠲᠡᠰᠢ ᠭᠤᠣᠯᠳᠠᠯᠭ᠎ᠠ ᠲᠠᠢ ᠬᠡᠯᠪᠡᠶᠢᠯᠭᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠷᠲᠡᠭᠡ ᠶᠢ ᠨᠢᠭᠡᠨᠲᠡ ᠪᠠᠶᠢᠭᠤᠯᠤᠭᠰᠠᠨ 10 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠦᠢᠯᠡᠴᠢᠯᠡᠭᠡᠨ ᠤ ᠴᠢᠳᠠᠮᠵᠢ ᠶᠢ ᠨᠢ ᠤᠯᠠᠮ ᠴᠢᠨᠠᠭᠰᠢᠳᠠ ᠪᠦᠷᠢᠨᠰᠢᠭᠦᠯᠦᠨ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠷᠲᠡᠭᠡ ᠪᠠᠶᠢᠭᠤᠯᠤᠭᠠᠳᠤᠢ 12 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠨᠢ ᠲᠦᠷᠭᠡᠳᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号