ᠰᠣᠶᠣᠯ ᠵᠢᠭᠤᠯᠴᠢᠯᠠᠯ ᠤᠨ ᠶᠠᠮᠤᠨ ᠤ ᠬᠠᠷᠢᠭᠤᠴᠠᠯᠭᠠᠲᠠᠨ ︽ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018-06-15
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠵᠢᠯᠣᠭᠤᠳᠬᠤ ᠰᠠᠨᠠᠯ ᠤᠨ ᠨᠡᠶᠢᠲᠡᠯᠡᠭᠳᠡᠭᠰᠡᠨ ᠠᠬᠤᠢ ᠪᠠᠶᠢᠳᠠᠯ᠂ ᠠᠴᠢ ᠬᠤᠯᠪᠣᠭᠳᠠᠯ ᠤᠨ ᠲᠤᠬᠠᠢ᠂ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ 22᠎ ᠤᠨ ᠡᠳᠦᠷ ᠰᠣᠶᠣᠯ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠶᠠᠮᠤᠨ ᠤ ᠳᠠᠷᠤᠭ᠎ᠠ ᠯᠢ ᠶᠢᠨ ᠽᠣᠣ ᠶᠢ ᠰᠤᠷᠪᠤᠯᠵᠢᠯᠠᠵᠠᠢ᠃      ᠰᠣᠶᠣᠯ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠵᠢᠯᠣᠭᠤᠳᠬᠤ ᠰᠠᠨᠠᠯ ᠢ ᠤᠬᠠᠭᠤᠯᠤᠨ ᠲᠤᠤᠱᠯᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠣᠢ᠂ ᠵᠢᠯᠣᠭᠤᠳᠬᠤ ᠰᠠᠨᠠᠯ ᠢ ᠬᠢᠨᠠᠮᠠᠭᠠᠢ  ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠡᠷᠡᠭᠦᠯ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠦ ᠶᠠᠮᠤᠨ ᠤ ᠳᠠᠷᠤᠭ᠎ᠠ ᠯᠦᠸᠧ ᠱᠦ ᠭᠠᠩ ᠲᠣᠳᠣᠷᠬᠠᠢ ᠢᠯᠡᠷᠬᠡᠶᠢᠯᠡᠭᠰᠡᠨ ᠭᠡᠵᠦ ᠯᠢ ᠶᠢᠨ ᠽᠣᠣ ᠶᠢᠨ ᠬᠡᠯᠡᠵᠡᠢ᠂᠃      ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ 40 ᠰᠢᠬᠠᠮ ᠵᠢᠯ ᠤᠨ ᠶᠠᠪᠤᠴᠠ ᠳᠤ᠂ ᠦᠭᠡᠢ ᠠᠴᠠ ᠪᠠᠨ ᠪᠣᠢ ᠪᠣᠯᠵᠤ᠂ ᠵᠢᠵᠢᠭ ᠠᠴᠠ ᠪᠠᠨ ᠪᠤᠵᠠᠭᠠᠶᠢᠷᠠᠭᠰᠠᠨ ᠶᠤᠮ᠃ ᠡᠨᠡ ᠬᠦ ᠬᠤᠭᠤᠴᠠᠭᠠᠨ ᠳᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠮᠥᠷ ᠨᠢ ᠦᠨᠳᠦᠰᠦᠨ ᠳᠤ ᠪᠠᠨ ᠦᠵᠡᠮᠵᠢ ᠶᠢᠨ ᠣᠷᠣᠨ᠂ ᠦᠵᠡᠮᠵᠢ ᠶᠢᠨ ᠴᠢᠭ᠋᠂ ᠪᠠᠭᠤᠳᠠᠯ᠂ ᠬᠤᠭᠤᠯᠠᠨ ᠭᠡᠷ ᠪᠠᠶᠢᠭᠤᠯᠬᠤ ᠪᠠᠷ ᠭᠤᠣᠯᠯᠠᠵᠤ ᠪᠠᠶᠢᠭᠰᠠᠨ ᠪᠣᠯᠬᠤᠷ᠂ ︽ᠦᠵᠡᠮᠵᠢ ᠶᠢᠨ ᠴᠢᠭ᠋ ᠤᠨ ᠵᠢᠭᠤᠯᠴᠢᠯᠠᠯ ᠢᠶᠠᠷ ᠬᠥᠭᠵᠢᠭᠦᠯᠬᠦ ᠵᠠᠭᠪᠤᠷ︾ ᠬᠡᠮᠡᠭᠳᠡᠵᠡᠢ᠃ ᠡᠶᠢᠮᠦᠷᠬᠦᠦ ᠵᠠᠭᠪᠤᠷ ᠨᠢ ᠳᠤᠮᠳᠠᠳᠤ ᠤᠯᠤᠰ ᠤᠨ ᠣᠳᠣ ᠦᠶ᠎ᠡ ᠶᠢᠨ ᠵᠢᠭᠤᠯᠴᠢᠯᠠᠯ ᠤᠨ ᠬᠥᠭᠵᠢᠯᠲᠡ ᠶᠢᠨ ᠠᠩᠬᠠᠨ ᠤ ᠱᠠᠲᠤ ᠶᠢ ᠲᠦᠷᠭᠡᠳᠬᠡᠨ ᠪᠣᠢ ᠪᠣᠯᠭᠠᠭᠰᠠᠨ ᠤ ᠬᠠᠮᠲᠤ᠂ ᠳᠠᠪᠠᠯᠭᠠᠨ ᠮᠠᠶ᠋ᠢᠭ ᠤᠨ ᠪᠠ ᠣᠷᠭᠢᠯᠤᠮᠠᠯ ᠮᠠᠶ᠋ᠢᠭ ᠤᠨ ᠬᠥᠭᠵᠢᠯᠲᠡ ᠶᠢᠨ ᠪᠠᠶᠢᠳᠠᠯ ᠢᠯᠡᠷᠡᠵᠡᠢ ᠭᠡᠵᠦ ᠯᠢ ᠶᠢᠨ ᠽᠣᠣ ᠢᠯᠡᠷᠬᠡᠶᠢᠯᠡᠪᠡ᠃      ᠭᠡᠲᠡᠯ᠎ᠡ᠂ ᠵᠢᠭᠤᠯᠴᠢᠯᠠᠯ ᠤᠨ ᠬᠡᠷᠡᠭᠯᠡᠭᠡ ᠶᠢᠨ ᠲᠠᠰᠤᠷᠠᠯᠲᠠ ᠦᠭᠡᠢ ᠳᠡᠰ ᠳᠡᠪᠰᠢᠬᠦ ᠶᠢ ᠳᠠᠭᠠᠯᠳᠤᠨ᠂ ᠤᠯᠠᠮᠵᠢᠯᠠᠯᠲᠤ ᠦᠵᠡᠮᠵᠢ ᠶᠢᠨ ᠴᠢᠭ᠋ ᠤᠨ ᠵᠢᠭᠤᠯᠴᠢᠯᠠᠯ ᠤᠨ ᠵᠠᠭᠪᠤᠷ ᠨᠢ ᠨᠢᠭᠡᠨᠲᠡ ᠣᠳᠣ ᠦᠶ᠎ᠡ ᠶᠢᠨ ᠲᠣᠮᠣ ᠵᠢᠭᠤᠯᠴᠢᠯᠠᠯ ᠤᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠤ ᠳᠤ ᠪᠡᠷᠬᠡ ᠪᠣᠯᠪᠠ᠃ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠵᠢᠭᠤᠯᠴᠢᠯᠠᠯ ᠤᠨ ᠦᠢᠯᠡᠰ ᠤᠨ ᠎ ᠬᠢᠨ ᠤ ᠶᠡᠷᠦᠩᠬᠡᠶᠢᠯᠡᠭᠰᠡᠨ ᠬᠠᠮᠢᠶᠠᠷᠤᠯᠲᠠ ᠬᠤᠴᠣᠷᠤᠩᠭᠤᠢ᠂ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠥᠭᠵᠢᠯᠲᠡ ᠶᠢᠨ ᠣᠶᠢᠯᠠᠭᠠᠭᠳᠠᠬᠤᠨ ᠳᠤ ᠪᠠᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠵᠢᠭᠤᠯᠴᠢᠯᠠᠯ ᠤᠨ ᠦᠢᠯᠡᠰ ᠢ ᠦᠵᠡᠮᠵᠢ ᠶᠢᠨ ᠴᠢᠭ᠋ ᠪᠠ ᠦᠵᠡᠮᠵᠢ ᠶᠢᠨ ᠣᠷᠣᠨ ᠤ ᠳᠠᠩ ᠴᠤᠯᠭᠤᠢ ᠤᠨ ᠪᠠᠶᠢᠭᠤᠯᠤᠯᠲᠠ ᠬᠠᠮᠢᠶᠠᠷᠤᠯᠲᠠ ᠠᠴᠠ ᠶᠡᠷᠦᠩᠬᠡᠶᠢᠯᠡᠭᠰᠡᠨ ᠬᠠᠷᠠᠯᠲᠠᠲᠤ ᠭᠠᠵᠠᠷ ᠤᠨ ᠦᠢᠯᠡᠴᠢᠯᠡᠭᠡ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃      ᠯᠢ ᠶᠢᠨ ᠽᠣᠣ ᠠᠴᠠ᠂ ᠵᠢᠯᠣᠭᠤᠳᠬᠤ ᠰᠠᠨᠠᠯ ᠤᠨ ᠨᠡᠶᠢᠲᠡᠯᠡᠭᠳᠡᠭᠰᠡᠨ ᠨᠢ ᠪᠦᠬᠦ ᠬᠡᠪᠴᠢᠶᠡᠨ ᠤ ᠬᠠᠮ ᠵᠢᠭᠤᠯᠴᠢᠯᠠᠯ ᠨᠢ ᠨᠢᠭᠡᠨᠲᠡ ᠤᠯᠤᠰ ᠤᠨ ᠪᠠᠶᠢᠯᠳᠤᠬᠤ ᠪᠣᠳᠣᠯᠭ᠎ᠠ ᠪᠣᠯᠣᠭᠰᠠᠨ ᠢ ᠬᠠᠷᠠᠭᠤᠯᠵᠤ᠂ ᠲᠦᠮᠡᠨ ᠣᠯᠠᠨ ᠢᠶᠠᠷ ᠢᠶᠠᠨ ᠵᠢᠭᠤᠯᠴᠢᠯᠠᠬᠤ ᠪᠣᠯᠣᠭᠰᠠᠨ ᠴᠠᠭ ᠦᠶ᠎ᠡ ᠳᠠᠬᠢ ᠮᠠᠨ ᠤ ᠤᠯᠤᠰ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠨᠢᠭᠡᠨ ᠰᠢᠨ᠎ᠡ ᠳᠡᠭᠡᠭᠰᠢᠯᠡᠯᠲᠡ ᠪᠣᠯᠪᠠ᠃ ᠪᠦᠬᠦ ᠬᠡᠪᠴᠢᠶᠡᠨ ᠤ ᠬᠠᠮ ᠵᠢᠭᠤᠯᠴᠢᠯᠠᠯ ᠢᠶᠠᠷ ᠠᠴᠢᠶᠠᠯᠠᠭᠴᠢ ᠪᠣᠯᠭᠠᠵᠤ᠂ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ᠂ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠤᠨ ᠬᠠᠮᠲᠤ ᠪᠠᠷ ᠬᠦᠷᠲᠡᠬᠦ ᠶᠢ ᠠᠬᠢᠭᠤᠯᠬᠤ ᠨᠢ᠂ ᠣᠷᠣᠨ ᠪᠦᠰᠡ ᠶᠢᠨ ᠵᠢᠭᠤᠯᠴᠢᠯᠠᠯ ᠤᠨ ᠦᠢᠯᠡᠰ ᠤᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠵᠢᠭᠤᠯᠴᠢᠯᠠᠯ ᠤᠨ ᠦᠢᠯᠡᠰ ᠤᠨ ᠵᠠᠶᠢᠯᠠᠰᠢ ᠦᠭᠡᠢ ᠱᠠᠭᠠᠷᠳᠠᠯᠭ᠎ᠠ ᠪᠣᠯᠪᠠ ᠭᠡᠵᠡᠢ᠃      ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢᠨ ᠲᠤᠬᠠᠢ ᠶᠠᠷᠢᠬᠤ ᠳᠤ ᠪᠠᠨ᠂ ᠲᠡᠷᠡ ᠵᠢᠭᠤᠯᠴᠢᠯᠠᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠵᠦ᠂ ᠵᠢᠭᠤᠯᠴᠢᠯᠠᠯ ᠤᠨ ᠦᠢᠯᠡᠰ ᠢ ᠡᠭᠦᠳᠡᠨ ᠪᠢᠯᠧᠲ ᠤᠨ ᠠᠵᠤ ᠠᠬᠤᠢ ᠠᠴᠠ ᠠᠵᠤ ᠦᠢᠯᠡᠰ ᠤᠨ ᠠᠵᠤ ᠠᠬᠤᠢ ᠲᠡᠶᠢᠰᠢ ᠬᠤᠪᠢᠷᠠᠭᠤᠯᠬᠤ᠂ ᠪᠦᠳᠦᠭᠦᠯᠢᠭ ᠪᠥᠭᠡᠳ ᠦᠷ᠎ᠡ ᠪᠦᠲᠦᠮᠵᠢ ᠪᠠᠷ ᠠᠨᠠᠢ ᠬᠡᠯᠪᠡᠷᠢ ᠠᠴᠠ ᠨᠠᠷᠢᠯᠢᠭ ᠪᠥᠭᠡᠳ ᠦᠷ᠎ᠡ ᠪᠦᠲᠦᠮᠵᠢ ᠰᠠᠶᠢᠲᠠᠢ ᠬᠡᠯᠪᠡᠷᠢ ᠲᠡᠶᠢᠰᠢ ᠬᠤᠪᠢᠷᠠᠭᠤᠯᠬᠤ᠂ ᠲᠦᠭᠵᠢᠷᠡᠮᠡᠯ ᠵᠢᠭᠤᠯᠴᠢᠯᠠᠯ ᠤᠨ ᠳᠣᠲᠣᠭᠠᠳᠤ ᠡᠷᠭᠢᠯᠲᠡ ᠠᠴᠠ ᠨᠡᠭᠡᠭᠡᠯᠲᠡᠲᠦ ︽ᠵᠢᠭᠤᠯᠴᠢᠯᠠᠯ  +︾ ᠲᠡᠶᠢᠰᠢ ᠬᠤᠪᠢᠷᠠᠭᠤᠯᠬᠤ᠂ ᠠᠵᠤ ᠠᠬᠤᠶᠢᠯᠠᠯ ᠲᠤᠰᠠᠭᠠᠷ ᠡᠵᠡᠩᠨᠡᠵᠦ ᠬᠤᠪᠢᠨ ᠳᠤ ᠪᠠᠨ ᠬᠦᠷᠲᠡᠵᠦ ᠪᠠᠶᠢᠭᠰᠠᠨ ᠠᠴᠠ ᠨᠡᠶᠢᠭᠡᠮ ᠢᠶᠠᠷ ᠢᠶᠠᠨ ᠪᠠᠶᠢᠭᠤᠯᠤᠨ ᠬᠠᠮᠲᠤ ᠪᠠᠷ ᠬᠦᠷᠲᠡᠬᠦ ᠲᠡᠶᠢᠰᠢ ᠬᠤᠪᠢᠷᠠᠭᠤᠯᠬᠤ᠂ ᠦᠵᠡᠮᠵᠢ ᠶᠢᠨ ᠣᠷᠣᠨ ᠤ ᠳᠣᠲᠣᠭᠠᠳᠤ ᠬᠠᠮᠢᠶᠠᠷᠤᠯᠲᠠ ᠠᠴᠠ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠲᠡᠶᠢᠰᠢ ᠬᠤᠪᠢᠷᠠᠭᠤᠯᠬᠤ᠂ ᠰᠠᠯᠠᠭ᠎ᠠ ᠮᠥᠴᠢᠷ ᠤᠨ ᠠᠵᠢᠯᠯᠠᠭ᠎ᠠ ᠠᠴᠠ ᠵᠠᠰᠠᠭ ᠤᠨ ᠣᠷᠳᠣᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠡᠶᠢᠰᠢ ᠬᠤᠪᠢᠷᠠᠭᠤᠯᠬᠤ᠂ ᠦᠵᠡᠮᠵᠢ ᠶᠢᠨ ᠣᠷᠣᠨ ᠪᠠ ᠦᠵᠡᠮᠵᠢ ᠶᠢᠨ ᠴᠢᠭ᠋ ᠤᠨ ᠳᠠᠩ ᠴᠤᠯᠭᠤᠢ ᠪᠠᠶᠢᠭᠤᠯᠤᠯᠲᠠ ᠬᠠᠮᠢᠶᠠᠷᠤᠯᠲᠠ ᠠᠴᠠ ᠶᠡᠷᠦᠩᠬᠡᠶᠢᠯᠡᠭᠰᠡᠨ ᠬᠠᠷᠠᠯᠲᠠᠲᠤ ᠣᠷᠣᠨ ᠤ ᠦᠢᠯᠡᠴᠢᠯᠡᠭᠡ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠯᠢ ᠶᠢᠨ ᠽᠣᠣ ᠶᠢᠨ ᠵᠢᠭᠠᠵᠤ ᠭᠠᠷᠭᠠᠭᠰᠠᠨ ᠢᠶᠠᠷ᠂ ᠵᠢᠯᠣᠭᠤᠳᠬᠤ ᠰᠠᠨᠠᠯ ᠳᠤ ᠳᠥᠷᠪᠡᠨ ᠶᠡᠭᠡ ᠭᠢᠯᠠᠰ ᠴᠡᠭ ᠪᠣᠢ᠄      ᠨᠢᠭᠡ ᠳᠤ᠂ ᠪᠦᠲᠦᠭᠡᠭᠳᠡᠬᠦᠨ ᠤ ᠬᠠᠩᠭᠠᠯᠭ᠎ᠠ ᠳᠤ ᠰᠢᠨ᠎ᠡ ᠶᠢ ᠡᠭᠦᠳᠬᠦ ᠪᠠᠷ ᠳᠤᠷᠠᠳᠪᠠ᠃ ︽ᠵᠢᠭᠤᠯᠴᠢᠯᠠᠯ + ︾᠎ ᠢᠶᠠᠷ ᠵᠢᠭᠤᠯᠴᠢᠯᠠᠯ ᠬᠢᠭᠡᠳ ᠪᠤᠰᠤᠳ ᠠᠵᠢᠯ ᠲᠥᠷᠥᠯ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠢᠱᠢᠶᠡᠯᠡᠪᠡᠯ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠎ ᠬᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠨᠡᠷᠡᠲᠦ ᠦᠵᠡᠮᠵᠢ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ︽ᠳᠥᠷᠪᠡᠨ ᠨᠡᠷᠡᠲᠦ ᠶᠢ ᠨᠢᠭᠡ ᠴᠣᠭᠴᠠᠵᠢᠭᠤᠯᠤᠭᠰᠠᠨ︾ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠦᠵᠡᠮᠵᠢᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠭᠡᠬᠦ ᠮᠡᠲᠦ᠃      ᠬᠤᠶᠠᠷ ᠲᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠶᠢ ᠴᠢᠬᠤᠯᠠᠴᠢᠯᠠᠪᠠ᠃ ︽ᠵᠣᠷᠯᠣᠩ ᠤᠨ ᠰᠢᠨᠡᠴᠢᠯᠡᠯᠲᠡ︾᠎ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠠᠰᠠᠮᠠᠯ ᠵᠠᠮ ᠨᠡᠪᠲᠡᠷᠡᠬᠦ ᠨᠥᠬᠦᠴᠡᠯ ᠢ ᠰᠠᠶᠢᠵᠢᠷᠠᠭᠤᠯᠵᠤ᠂ ᠵᠢᠭᠤᠯᠴᠢᠯᠠᠯ ᠰᠡᠯᠡᠭᠦᠴᠡᠯ ᠤᠨ ᠪᠡᠯᠡᠳᠬᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠰᠠᠭᠠᠳ ᠦᠭᠡᠢ ᠳᠥᠭᠦᠮ ᠳᠥᠲᠡ ᠵᠠᠮ ᠬᠠᠷᠢᠯᠴᠠᠭᠠᠨ ᠤ ᠲᠣᠣᠷᠵᠢᠯ ᠢ ᠪᠠᠶᠢᠭᠤᠯᠤᠨ᠎ᠠ᠃ ᠲᠥᠪᠯᠡᠷᠡᠩᠭᠦᠢ ᠲᠠᠷᠠᠬᠠᠢ ᠪᠠᠷ ᠠᠰᠠᠭᠤᠨ ᠯᠠᠪᠯᠠᠬᠤ ᠦᠢᠯᠡᠴᠢᠯᠡᠭᠡ ᠶᠢᠨ ᠰᠢᠰᠲ᠋ᠧᠮᠵᠢ ᠶᠢ ᠢᠳᠡᠪᠬᠢᠲᠡᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠥᠲᠥᠯᠥᠨ ᠵᠢᠯᠣᠭᠤᠳᠬᠤ ᠲᠡᠮᠳᠡᠭ ᠤᠨ ᠰᠢᠰᠲ᠋ᠧᠮ ᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃      ᠭᠤᠷᠪᠠ ᠳᠤ᠂ ᠰᠢᠰᠲ᠋ᠧᠮ ᠲᠠᠢ ᠪᠠᠷ ᠡᠵᠡᠩᠨᠡᠨ ᠪᠣᠷᠣᠯᠠᠭᠤᠯᠬᠤ ᠶᠢ ᠬᠡᠷᠡᠭᠵᠢᠭᠦᠯᠬᠦ ᠪᠠᠷ ᠳᠤᠷᠠᠳᠪᠠ᠃ ᠡᠵᠡᠩᠨᠡᠨ ᠪᠣᠷᠣᠯᠠᠭᠤᠯᠬᠤ ᠠᠵᠢᠯ ᠢ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢᠨ ᠶᠡᠭᠡ ᠲᠠᠯ᠎ᠠ ᠳᠤ ᠣᠷᠣᠭᠤᠯᠵᠤ᠂ ᠡᠵᠡᠩᠨᠡᠨ ᠪᠣᠷᠣᠯᠠᠭᠤᠯᠬᠤ ᠲᠥᠯᠥᠪᠵᠢᠭᠦᠯᠭᠡ ᠶᠢ ᠰᠠᠶᠢᠲᠤᠷ ᠬᠢᠵᠦ᠂ ᠵᠢᠭᠤᠯᠴᠢᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠪᠦᠲᠦᠭᠡᠭᠳᠡᠬᠦᠨ ᠤ ᠨᠡᠭᠡᠭᠡᠨ ᠬᠥᠭᠵᠢᠭᠦᠯᠬᠦ ᠬᠢᠭᠡᠳ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠶᠠᠪ ᠴᠠᠪ ᠵᠣᠯᠭᠠᠭᠤᠯᠬᠤ ᠶᠢ ᠪᠡᠶᠡᠯᠡᠭᠦᠯᠦᠨ᠎ᠡ᠃      ᠳᠥᠷᠪᠡ ᠳᠤ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠴᠢᠬᠤᠯᠠᠴᠢᠯᠠᠪᠠ᠃ ᠶᠡᠷᠦᠩᠬᠡᠶᠢᠯᠡᠭᠰᠡᠨ ᠠᠵᠤ ᠦᠢᠯᠡᠰ ᠤᠨ ᠬᠥᠭᠵᠢᠯᠲᠡ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠭᠡᠬᠦ ᠬᠤᠶᠠᠷ ᠶᠡᠷᠦᠩᠬᠡᠶᠢᠯᠡᠭᠰᠡᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠶᠢᠨ ᠲᠣᠭᠤᠷᠢᠨ ᠳᠤ᠂ ᠵᠢᠭᠤᠯᠴᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠵᠣᠬᠢᠴᠠᠭᠤᠯᠬᠤ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠢᠭᠤᠯᠴᠢᠯᠠᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠶᠢ ᠴᠢᠩᠭᠠᠳᠬᠠᠨ᠎ᠠ᠃ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠢᠭᠤᠯᠴᠢᠯᠠᠯ ᠤᠨ ᠵᠣᠬᠢᠴᠠᠭᠤᠯᠤᠨ ᠣᠷᠣᠯᠴᠠᠬᠤ ᠲᠣᠭᠲᠠᠴᠠ ᠶᠢ ᠢᠳᠡᠪᠬᠢᠲᠡᠢ ᠰᠢᠨᠡᠴᠢᠯᠡᠵᠦ᠂ ᠵᠢᠭᠤᠯᠴᠢᠯᠠᠯ ᠤᠨ ᠬᠠᠮᠲᠤᠷᠠᠭᠰᠠᠨ ᠬᠤᠷᠠᠯ᠂ ᠵᠢᠭᠤᠯᠴᠢᠯᠠᠯ ᠤᠨ ᠪᠡᠯᠡ ᠣᠷᠤᠯᠠᠭᠤᠯᠤᠯᠲᠠ ᠪᠡᠯᠡ ᠲᠣᠬᠢᠷᠠᠭᠤᠯᠭ᠎ᠠ᠂ ᠵᠢᠭᠤᠯᠴᠢᠯᠠᠯ ᠢ ᠪᠠᠷᠢᠮᠵᠢᠶᠠᠵᠢᠭᠤᠯᠬᠤ ᠵᠡᠷᠭᠡ ᠵᠣᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠡᠭᠦᠨ ᠠᠴᠠ ᠭᠠᠳᠠᠨ᠎ᠠ᠂ ᠵᠢᠯᠣᠭᠤᠳᠬᠤ ᠰᠠᠨᠠᠯ ᠨᠢ ᠡᠳ᠋ ᠤᠨ ᠵᠠᠰᠠᠭ ᠮᠥᠩᠭᠦᠨ ᠭᠦᠢᠯᠭᠡᠭᠡ᠂ ᠭᠠᠵᠠᠷ ᠰᠢᠷᠣᠢ ᠬᠡᠷᠡᠭᠯᠡᠬᠦ ᠪᠠ ᠳᠠᠯᠠᠢ ᠲᠠᠩᠭᠢᠰ ᠢ ᠠᠰᠢᠭᠯᠠᠬᠤ᠂ ᠴᠢᠳᠠᠪᠤᠷᠢᠲᠠᠨ ᠢ ᠪᠠᠲᠤᠯᠠᠬᠤ᠂ ᠲᠤᠰᠬᠠᠢ ᠮᠡᠷᠭᠡᠵᠢᠯ ᠢᠶᠠᠷ ᠳᠡᠮᠵᠢᠬᠦ ᠵᠡᠷᠭᠡ ᠳᠥᠷᠪᠡᠨ ᠲᠠᠯ᠎ᠠ ᠪᠠᠷ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠳᠤᠷᠠᠳᠴᠠᠢ᠃      ᠨᠢᠭᠡ ᠳᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠣᠳᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠳᠠᠮᠵᠢᠬᠤ ᠶᠢᠨ ᠬᠠᠮᠲᠤ᠂ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠪᠡᠯᠡᠳᠬᠡᠮᠵᠢ ᠶᠢᠨ ᠪᠠᠶᠢᠭᠤᠯᠤᠯᠲᠠ ᠳᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠶᠠᠷ ᠲᠤ᠂ ᠵᠢᠭᠤᠯᠴᠢᠯᠠᠯ ᠤᠨ ᠭᠠᠵᠠᠷ ᠰᠢᠷᠣᠢ ᠬᠡᠷᠡᠭᠯᠡᠵᠦ ᠳᠠᠯᠠᠢ ᠲᠠᠩᠭᠢᠰ ᠢ ᠠᠰᠢᠭᠯᠠᠬᠤ ᠶᠢ ᠴᠢᠩᠭᠠᠷᠠᠭᠤᠯᠤᠨ᠎ᠠ᠃ ᠬᠦᠷᠢᠶ᠎ᠡ ᠴᠠᠷᠠᠭᠠᠨ ᠳᠤ ᠬᠠᠷᠢᠶᠠᠯᠠᠭᠳᠠᠬᠤ ᠠᠵᠤ ᠦᠢᠯᠡᠰ ᠤᠨ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢ ᠵᠣᠬᠢᠰᠲᠠᠢ ᠥᠷᠭᠡᠳᠬᠡᠵᠦ᠂ ᠵᠢᠭᠤᠯᠴᠢᠯᠠᠯ ᠤᠨ ᠭᠤᠣᠯ ᠪᠣᠯᠬᠤ ᠲᠥᠷᠥᠯ ᠵᠦᠢᠯ ᠪᠠ ᠬᠥᠳᠡᠭᠡ ᠲᠣᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢ ᠤᠷᠢᠳ ᠢᠶᠠᠷ ᠪᠠᠲᠤᠯᠠᠵᠤ᠂ ᠵᠢᠭᠤᠯᠴᠢᠯᠠᠯ ᠤᠨ ᠲᠥᠷᠥᠯ ᠵᠦᠢᠯ ᠤᠳ ᠤᠨ ᠬᠤᠯᠪᠣᠭᠳᠠᠭᠤᠯᠤᠨ ᠨᠡᠮᠡᠭᠳᠡᠭᠰᠡᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠪᠠ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠰᠡᠷᠭᠦᠭᠡᠨ ᠬᠠᠭᠠᠯᠪᠤᠷᠢᠯᠠᠵᠤ ᠠᠰᠢᠭᠯᠠᠬᠤ ᠲᠤᠷᠰᠢᠯᠲᠠ ᠬᠢᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠤᠯᠢ ᠶᠣᠰᠣᠭᠠᠷ ᠬᠡᠷᠡᠭᠯᠡᠬᠦ ᠪᠠᠷ ᠳᠠᠮᠵᠢᠨ ᠵᠢᠭᠤᠯᠴᠢᠯᠠᠯ ᠤᠨ ᠠᠵᠤ ᠠᠬᠤᠶᠢᠯᠠᠯ ᠡᠷᠬᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠯᠦᠭᠡᠲᠡᠢ ᠣᠷᠣᠨ ᠰᠠᠭᠤᠴᠠ ᠪᠠᠨ ᠠᠰᠢᠭᠯᠠᠨ ᠵᠢᠭᠤᠯᠴᠢᠯᠠᠯ ᠤᠨ ᠡᠵᠡᠩᠨᠡᠯᠲᠡ ᠬᠢᠬᠦ ᠶᠢ ᠵᠣᠷᠢᠭᠵᠢᠭᠤᠯᠤᠨ᠎ᠠ᠃ ᠭᠤᠷᠪᠠ ᠳᠤ᠂ ᠵᠢᠭᠤᠯᠴᠢᠯᠠᠯ ᠤᠨ ᠴᠢᠳᠠᠪᠤᠷᠢᠲᠠᠨ ᠢ ᠪᠠᠲᠤᠯᠠᠬᠤ ᠶᠢ ᠴᠢᠩᠭᠠᠳᠬᠠᠨ᠎ᠠ᠃ ᠳᠥᠷᠪᠡ ᠳᠤ᠂ ᠵᠢᠭᠤᠯᠴᠢᠯᠠᠯ ᠤᠨ ᠲᠤᠰᠬᠠᠢ ᠮᠡᠷᠭᠡᠵᠢᠯ ᠢ ᠳᠡᠮᠵᠢᠬᠦ ᠪᠠᠨ ᠴᠢᠩᠭᠠᠳᠬᠠᠨ᠎ᠠ᠃ ᠵᠢᠭᠤᠯᠴᠢᠯᠠᠯ ᠤᠨ ᠰᠠᠭᠤᠷᠢ ᠣᠨᠣᠯ᠂ ᠬᠡᠷᠡᠭᠯᠡᠭᠡᠨ ᠤ ᠰᠤᠳᠤᠯᠤᠯᠲᠠ ᠪᠠ ᠰᠢᠨᠵᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠵᠢᠭᠤᠯᠴᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠵᠢᠭᠤᠯᠴᠢᠯᠠᠯ ᠤᠨ ᠲᠥᠯᠥᠪᠵᠢᠭᠦᠯᠭᠡ ᠶᠢᠨ ᠨᠢᠭᠡᠴᠢ ᠬᠢᠭᠡᠳ ᠬᠠᠮᠢᠶ᠎ᠠ ᠪᠦᠬᠦᠢ ᠲᠥᠯᠥᠪᠵᠢᠭᠦᠯᠭᠡ ᠶᠢᠨ ᠪᠠᠶᠢᠭᠤᠯᠤᠮᠵᠢ ᠨᠤᠭᠤᠳ ᠤᠨ ᠪᠦᠬᠦ ᠬᠡᠪᠴᠢᠶᠡᠨ ᠤ ᠬᠠᠮ ᠵᠢᠭᠤᠯᠴᠢᠯᠠᠯ ᠤᠨ ᠪᠠᠶᠢᠭᠤᠯᠤᠯᠲᠠ ᠳᠤ ᠪᠦᠬᠦ ᠬᠦᠴᠦᠨ ᠢᠶᠠᠷ ᠦᠢᠯᠡᠴᠢᠯᠡᠬᠦ ᠶᠢ ᠨᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号