6 ᠳ᠋ᠤᠭᠠᠷ ᠰᠠᠷ᠎ᠠ ᠶᠢᠨ 15 ᠤ ᠡᠳᠦᠷ᠂ ᠪᠦᠬᠦ ᠤᠷᠤᠨ ᠤ ᠬᠤᠳᠠᠯᠳᠤᠭᠠᠨ ᠤ ᠵᠦᠢᠯᠡᠰ ᠤᠨ ᠲᠦᠷᠢᠮ ᠤᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠠᠵᠢᠯ ᠤᠨ ᠠᠬᠢᠴᠠ ᠪᠠ | ᠦᠷ᠎ᠠ ᠪᠦᠳᠦᠮᠵᠢ᠂ ᠤᠷᠤᠰᠢᠵᠤ ᠪᠠᠶᠢᠭ᠎ᠠ ᠭᠤᠤᠯ ᠠᠰᠠᠭᠤᠳᠠᠯ ᠵᠡᠷᠭᠡ ᠪᠠᠨ ᠵᠠᠳᠠᠯᠤᠨ᠂ ᠲᠠᠷᠠᠭᠠᠴᠢ ᠶᠢᠨ ᠭᠤᠤᠯ | ᠠᠵᠢᠯ ᠢᠶᠠᠨ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠨ | ᠶᠠᠷᠢᠶ᠎ᠠ ᠲᠠᠯᠪᠢᠵᠠᠢ᠃ | ᠡᠸᠦ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠬᠤᠳᠠᠯᠳᠤᠭᠠᠨ ᠤ ᠵᠦᠢᠯᠡᠰ ᠤᠨ ᠲᠦᠷᠢᠮ ᠤᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠴᠢᠬᠤᠯᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠮᠦᠨ᠂ ᠦᠭᠡᠷᠡᠴᠢᠯᠡᠯᠳᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠠᠭᠤᠯᠭ᠎ᠠ᠂ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠦᠭᠡᠷᠡᠴᠢᠯᠡᠯᠳᠡ ᠶᠢᠨ ᠰᠢᠪᠳᠤᠯᠤᠯᠳᠠ ᠶᠢᠨ ᠴᠢᠨᠠᠷᠳᠠᠢ᠂ ᠬᠦᠳᠦᠯᠦᠨ ᠲᠠᠭᠠᠭᠤᠯᠬᠤ ᠴᠢᠨᠠᠷᠳᠠᠢ᠂ ᠲᠦᠯᠦᠭᠡᠯᠡᠬᠦ | ᠴᠢᠨᠠᠷᠳᠠᠢ ᠠᠷᠭ᠎ᠠ ᠬᠡᠮᠵᠢᠶ᠎ᠡ ᠪᠤᠯᠤᠨ᠎ᠠ᠂ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠴᠢᠬᠤᠯᠠ | ᠦᠢᠯᠡᠳᠦᠯ ᠲᠠᠢ ᠶᠤᠮ᠃ ᠮᠠᠨ ᠤ ᠤᠷᠤᠨ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ | ᠡᠬᠢᠯᠡᠭᠦᠯᠦᠭᠰᠡᠨ 4 ᠵᠢᠯ ᠭᠠᠷᠤᠢ ᠶᠢᠨ ᠲᠤᠷᠰᠢ᠂ ︽ᠤᠯᠠᠨ ᠦᠨᠡᠮᠯᠡᠯ ᠢ ᠨᠢᠭᠡᠳᠬᠡᠬᠦ︾ ᠵᠡᠷᠭᠡ 23 ᠵᠦᠢᠯ ᠤᠨ | ᠪᠤᠳᠠᠳᠠᠢ ᠦᠭᠡᠷᠡᠴᠢᠯᠡᠯᠳᠡ ᠶᠢᠨ ᠠᠷᠭ᠎ᠠ ᠠᠪᠴᠤ᠂ ᠤᠳᠤ ᠦᠶ᠎ᠠ ᠶᠢᠨ ᠠᠵᠤ ᠠᠬᠤᠢ ᠶᠢᠨ ᠰᠢᠰᠲ᠋ᠧᠮ ᠤᠨ | ᠱᠠᠭᠠᠷᠳᠠᠯᠭ᠎ᠠ ᠲᠠᠢ ᠨᠡᠶᠢᠴᠡᠬᠦ ᠬᠤᠳᠠᠯᠳᠤᠭᠠᠨ ᠤ ᠶᠠᠪᠤᠳᠠᠯ ᠤᠨ ᠵᠦᠢᠯᠡᠰ ᠤᠨ ᠦᠭᠡᠷᠡᠴᠢᠯᠡᠯᠳᠡ ᠶᠢᠨ ᠶᠡᠷᠦᠩᠬᠡᠢ | ᠲᠦᠰᠦᠪ ᠢ ᠪᠦᠷᠢᠯᠳᠦᠭᠦᠯᠵᠦ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠢᠨ᠎ᠠ ᠲᠤᠭᠳᠠᠴᠠ ᠶᠢ | ᠪᠠᠶᠢᠭᠤᠯᠤᠨ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠲᠦᠷᠢᠮ ᠤᠨ ᠴᠢᠨᠠᠷᠳᠠᠢ ᠥᠪᠡᠷ ᠤᠨ ᠦᠷᠳᠡᠭ ᠢ | ᠪᠠᠭᠤᠷᠠᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠠᠶᠢᠵᠢᠷᠠᠭᠤᠯᠵᠤ᠂ ᠵᠠᠬ᠎ᠠ ᠲᠡᠯᠭᠡᠭᠦᠷ ᠤᠨ | ᠠᠮᠢᠵᠢᠷᠠᠯ ᠤᠨ ᠬᠦᠴᠦᠨ ᠪᠤᠯᠤᠨ ᠨᠡᠶᠢᠭᠡᠮ ᠤᠨ ᠡᠭᠦᠳᠦᠨ ᠪᠦᠳᠦᠭᠡᠬᠦ ᠴᠢᠳᠠᠪᠤᠷᠢ ᠶᠢ ᠬᠦᠭᠵᠢᠭᠡᠵᠡᠢ ᠭᠡᠪᠠ᠃ | ᠡᠸᠦ ᠶᠠᠩ ᠰᠢᠶᠤᠤ ᠬᠤᠢ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠪᠠᠶᠢᠳᠠᠯ | ᠢ ᠲᠤᠳᠤᠷᠬᠠᠢ ᠲᠠᠨᠢᠵᠤ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ | ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ︔ ᠤᠨᠢᠨ ᠲᠡᠭᠡᠷ᠎ᠠ ᠨᠢ | ᠬᠦᠴᠦᠯᠡᠵᠦ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ︔ ᠬᠦᠴᠦᠨ ᠢᠶᠠᠨ ᠬᠠᠮᠳᠤᠳᠬᠠᠨ ᠰᠢᠪᠲᠤᠯᠵᠤ᠂ | ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ | ᠬᠡᠷᠡᠭᠳᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠬᠤᠷᠠᠯ ᠪᠤᠯ ᠡᠭᠦᠷᠭᠡ ᠨᠠᠶᠢᠳᠠᠪᠤᠷᠢᠵᠢᠭᠤᠯᠬᠤ | ᠬᠤᠷᠠᠯ᠂ ᠮᠦᠨᠴᠦ ᠰᠢᠮᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠬᠤᠷᠠᠯ ᠪᠤᠯᠤᠨ᠎ᠠ᠃ ᠡᠯ᠎ᠠ ᠭᠠᠵᠠᠷ ᠤᠷᠤᠨ ᠡᠯ᠎ᠠ | ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠵᠤᠷᠢᠭᠳᠠᠢ ᠡᠭᠦᠷᠭᠡᠯᠡᠨ ᠵᠤᠷᠢᠭᠳᠠᠢ ᠬᠢᠵᠦ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ | ᠲᠠᠯ᠎ᠠ ᠪᠠᠷ ᠰᠢᠨ᠎ᠠ ᠦᠷ᠎ᠠ ᠪᠦᠳᠦᠮᠵᠢ ᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠵᠠᠬ᠎ᠠ ᠲᠡᠯᠭᠡᠭᠦᠷ ᠤᠨ ᠭᠤᠤᠯ ᠴᠤᠭᠴᠠ ᠪᠤᠯᠤᠨ ᠶᠠᠪᠤᠳᠠᠯ ᠡᠷᠬᠢᠯᠡᠬᠦ ᠤᠯᠠᠨ ᠲᠦᠮᠡᠨ ᠢ | ᠨᠡᠩ ᠢᠯᠡᠭᠦᠦ ᠬᠦᠷᠳᠡᠮᠵᠢ ᠶᠢᠨ ᠲᠦᠷᠦᠭᠳᠡᠯ ᠲᠠᠢ ᠪᠤᠯᠭᠠᠵᠤ᠂ ᠪᠦᠬᠦ ᠤᠷᠤᠨ ᠤ ᠴᠢᠨᠠᠷ ᠰᠠᠶᠢᠲᠠᠢ ᠬᠦᠭᠵᠢᠯᠳᠡ ᠳᠤ | ᠲᠠᠬᠢᠨᠳᠠ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠠᠢ᠃ |