ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠤᠯᠤᠨ ᠲᠦᠪ ᠤᠨ ᠬᠢᠨᠠᠨ ᠪᠤᠳᠤᠬᠤ ᠵᠦᠪᠯᠡᠯ ᠤᠨ ᠠᠩᠬᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠠᠢ
ᠨᠡᠶᠢᠲᠡᠯᠡᠭᠰᠡᠨ ᠴᠠᠭ᠄
2018/6/19
     6 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠡᠳᠦᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠦᠭᠭᠦᠭᠰᠡᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠪ ᠤᠨ ᠬᠢᠨᠠᠨ ᠪᠤᠳᠤᠬᠤ ᠵᠦᠪᠯᠡᠯ ᠎ ᠤᠨ ᠠᠩᠬᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠶᠢ ᠤᠯᠬᠤ ᠵᠠᠩᠬᠢᠯᠠᠭ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠦᠭᠭᠦᠭᠰᠡᠨ ᠨᠢ ᠨᠠᠮ ᠤᠨ ᠲᠦᠪ ᠬᠤᠷᠢᠶ᠎ᠠ ᠠᠴᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠬᠤ ᠢᠯᠡ ᠲᠤᠳᠤ ᠤᠪᠤᠷ ᠪᠤᠯᠤᠠ ᠡᠷᠡᠰ ᠵᠤᠷᠢᠭ ᠢ ᠲᠠᠬᠢᠨᠳᠠ ᠢᠯᠡᠷᠡᠭᠦᠯᠵᠤ᠂ ᠪᠢᠳᠡᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠡᠯᠳᠡ ᠶᠢ ᠤᠯᠬᠤ ᠭᠤᠷᠪᠠᠨ ᠵᠢᠯ ᠤᠨ ᠠᠵᠢᠯᠯᠠᠭᠠᠨ ᠳᠤ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠪᠠ ᠲᠡᠳ᠋ ᠶᠡᠷᠦᠩᠬᠡᠢ ᠰᠠᠶᠢᠳ ᠬᠤ᠋ ᠴᠦᠨ ᠬᠤᠸᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠬᠡᠯᠡᠭᠰᠡᠨ ᠶᠠᠷᠢᠶ᠎ᠠ ᠨᠢ ᠪᠢᠳᠡᠨ ᠤ ᠠᠵᠢᠯ ᠢᠶᠠᠨ ᠰᠠᠶᠢᠳᠤᠷ ᠬᠢᠭᠦ ᠳᠤ ᠬᠦᠴᠦᠳᠦ ᠵᠢᠯᠤᠭᠤᠳᠤᠯᠭ᠎ᠠ ᠬᠠᠩᠭᠠᠵᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠪᠠᠷ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠳᠠᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠭᠦ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠲᠠᠪᠤᠨ ᠱᠠᠳᠤᠨ ᠤ ᠨᠠᠮ ᠎ ᠤᠨ ᠬᠤᠷᠢᠶ᠎ᠠ ᠶᠢᠨ ᠱᠦᠵᠢ ᠵᠡᠷᠭᠡᠪᠡᠷ ᠠᠳᠬᠤᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠲᠠᠷᠤᠯᠳᠠ ᠦᠭᠴᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ ᠶᠢ ᠲᠡᠮᠡᠴᠡᠨ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠳᠡᠢ᠃ ᠨᠠᠮ ᠤᠨ ᠲᠦᠪ ᠬᠤᠷᠢᠶ᠎ᠠ ᠶᠢᠨ ᠲᠤᠬᠳᠠᠭᠠᠬᠰᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠠ ᠪᠤᠯᠤᠨ ᠶᠠᠳᠠᠭᠤ ᠶᠢ ᠲᠡᠳᠭᠦᠭᠦ ᠪᠠᠷᠢᠮᠵᠢᠶ᠎ᠠ ᠶᠢ ᠴᠢᠩᠭ᠎ᠠ ᠪᠠᠷᠢᠮᠳᠠᠯᠠᠨ᠂ ᠲᠥᠢᠯ ᠤᠨ ᠣᠨᠤᠪᠴᠢᠲᠠᠢ ᠪᠠᠷ ᠶᠠᠳᠠᠭᠤ ᠶᠢ ᠲᠡᠳᠭᠦᠵᠤ ᠲᠥᠢᠯ ᠤᠨ ᠣᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠤ᠂ ᠶᠠᠳᠠᠭᠤ ᠶᠢ ᠲᠡᠳᠭᠦᠭᠦ ᠠᠵᠢᠯ ᠲᠤᠮᠳᠠᠬᠢ ᠡᠯ᠎ᠠ ᠲᠦᠷᠦᠯ ᠤᠨ ᠠᠰᠠᠭᠤᠳᠠᠯ ᠢ ᠯᠠᠪᠳᠠᠭᠤᠨ ᠪᠠᠳᠤᠳᠠᠢ ᠡᠷᠴᠢᠮᠳᠡᠢ ᠴᠡᠭᠴᠡᠯᠡᠨ ᠰᠠᠶᠢᠵᠢᠷᠠᠭᠤᠯᠵᠤ᠂ ᠠᠵᠢᠯ ᠢᠶᠠᠨ ᠯᠠᠪᠳᠠᠭᠤᠨ ᠪᠠᠳᠤᠳᠠᠢ᠂ ᠴᠢᠨᠠᠷ ᠴᠢᠨᠰᠠᠭ᠎ᠠ ᠲᠤᠭ᠎ᠠ ᠬᠡᠮᠵᠢᠶ᠎ᠠ ᠶᠢ ᠪᠠᠳᠤᠯᠠᠨ ᠰᠠᠶᠢᠳᠤᠷ ᠬᠢᠭᠦ ᠬᠡᠷᠡᠭᠳᠡᠢ᠃ ᠰᠤᠷᠳᠠᠯ ᠤᠨ ᠪᠠᠶᠢᠭᠤᠯᠤᠯᠳᠠ ᠶᠢᠨ ᠰᠢᠪᠲᠤᠯᠤᠯᠲᠠ ᠶᠢᠨ ᠲᠠᠶᠢᠯᠠᠯᠳᠤᠭᠠᠨᠨ ᠢ ᠰᠠᠶᠢᠳᠤᠷ ᠬᠢᠵᠤ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠬᠦᠨᠵᠡᠭᠡᠢ ᠦᠷᠨᠢᠭᠦᠯᠵᠤ᠂ ᠦᠷᠭᠡᠨ ᠤᠯᠠᠨ ᠺᠠᠳ᠋ᠷ ᠤᠨ ᠦᠨᠡᠨᠭᠦ ᠠᠳᠬᠤᠨ ᠪᠤᠳᠠᠳᠠᠢ ᠠᠵᠢᠯᠯᠠᠬᠤ᠂ ᠰᠢᠷᠭᠠᠭᠤ ᠬᠠᠳᠠᠭᠤᠵᠢᠯᠳᠡᠢ ᠴᠢᠷᠮᠠᠶᠢᠨ ᠠᠵᠢᠯᠯᠠᠬᠤ ᠶᠢ ᠤᠷᠮᠠᠰᠢᠭᠤᠯᠵᠤ᠂ ᠰᠤᠷᠳᠠᠯ ᠤᠨ ᠰᠢᠪᠲᠤᠯᠤᠯᠲᠠ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠪᠠᠳᠤᠯᠠᠬᠤ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠢᠯᠠᠩᠭᠤᠶ᠎ᠠ ᠬᠢᠨᠠᠨ ᠪᠤᠳᠤᠬᠤ ᠪᠠᠶᠢᠭᠤᠯᠭ᠎ᠠ ᠨᠤᠭᠤᠳ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠬᠢᠨᠠᠨ ᠪᠤᠳᠤᠬᠤ ᠵᠦᠪᠯᠡᠯ ᠤᠨ ᠠᠩᠬᠠᠳᠤᠭᠠᠷ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠶᠢᠯᠠᠭᠠᠵᠦ ᠡᠷᠡᠰ ᠲᠤᠤᠱᠯᠠᠭᠤᠯᠤᠨ ᠨᠡᠶᠢᠳᠡᠪᠦᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠤᠭᠤᠷᠢᠨ ᠳᠤ᠂ ᠬᠢᠨᠠᠨ ᠪᠤᠳᠤᠬᠤ ᠬᠢᠨᠠᠯᠳᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠪᠦᠬᠦ ᠲᠠᠯ᠎ᠠ ᠪᠠᠷ ᠬᠦᠢᠴᠡᠳᠭᠡᠵᠤ᠂ ᠬᠢᠨᠠᠨ ᠪᠤᠳᠤᠬᠤ ᠠᠵᠢᠯ ᠤᠨ ᠦᠭᠡᠷᠡᠴᠢᠯᠡᠯᠳᠡ ᠰᠢᠨᠡᠴᠢᠯᠡᠯᠳᠡ ᠶᠢ ᠲᠠᠰᠤᠷᠠᠯᠳᠠ ᠦᠭᠡᠢ ᠠᠬᠢᠭᠤᠯᠦᠨ᠂ ᠬᠢᠨᠠᠨ ᠪᠤᠳᠤᠬᠤ ᠪᠠᠶᠢᠭᠤᠯᠭ᠎ᠠ ᠶᠢᠨ ᠲᠤᠰ ᠪᠡᠶ᠎ᠠ ᠶᠢᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠨᠠᠮ ᠪᠤᠯᠤᠨ ᠤᠯᠤᠰ ᠤᠨ ᠬᠢᠨᠠᠯᠳᠠ ᠶᠢᠨ ᠰᠢᠰᠲ᠋ᠧᠮᠵᠢ ᠳᠠᠬᠢ ᠬᠢᠨᠠᠨ ᠪᠤᠳᠤᠯᠳᠠ ᠶᠢᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ᠮᠠᠨ ᠤ ᠤᠷᠤᠨ ᠤ ᠬᠢᠨᠠᠨ ᠪᠤᠳᠤᠬᠤ ᠠᠵᠢᠯ ᠤᠨ ᠲᠠᠰᠤᠷᠠᠯᠳᠠ ᠦᠭᠡᠢ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠠᠢ᠃      ᠬᠤᠷᠠᠯ ᠠᠴᠠ ︽ᠠᠶᠢᠮᠠᠭ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ︵ᠵᠠᠬᠢᠷᠭ᠎ᠠ︶᠎ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠠᠵᠢᠯ ᠤᠨ ᠦᠷ᠎ᠠ ᠪᠦᠳᠦᠮᠵᠢ ᠶᠢ ᠬᠢᠨᠠᠨ ᠰᠢᠯᠭᠠᠬᠤ ᠠᠷᠭ᠎ᠠ ︵ᠵᠠᠰᠠᠪᠤᠷᠢ ᠤᠷᠤᠭᠤᠯᠬᠤ︶︾᠎ ᠶᠢ ᠰᠤᠳᠤᠯᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号