ᠯᠢ ᠪᠢᠩ ᠷᠦᠩ ᠪᠤᠭᠤᠳᠤ ᠬᠤᠳᠠ ᠳᠤ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2018/6/19
     6 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢ ᠪᠢᠩ ᠷᠦᠩ ᠪᠤᠭᠤᠳᠤ ᠬᠤᠳᠠ ᠶᠢᠨ ᠳ᠋ᠦᠩ ᠾᠧ ᠲᠤᠭᠤᠷᠢᠭ ᠤᠨ ᠯᠦ ᠸᠠᠩ ᠢᠮᠠᠭᠠᠨ ᠨᠤᠯᠤᠤᠷ ᠤᠨ ᠬᠢᠵᠠᠭᠠᠷᠳᠦ ᠺᠤᠮᠫᠠᠨᠢ ᠳᠤ ᠬᠦᠨᠵᠡᠭᠡᠶᠢᠷᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠨ ᠦᠭᠴᠦ ᠬᠦᠢᠴᠡᠳᠭᠡᠬᠦᠯᠦᠭᠰᠡᠨ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠤᠭᠤᠳᠪᠠ᠃      ᠯᠢ ᠪᠢᠩ ᠷᠦᠩ ᠤᠨ ᠰᠢᠮᠳᠠᠭᠤᠯᠤᠨ ᠵᠢᠯᠤᠭᠤᠳᠴᠦ ᠪᠠᠶᠢᠭ᠎ᠠ ᠪᠤᠯ ︽ᠳ᠋ᠦᠩ ᠾᠧ ᠲᠤᠭᠤᠷᠢᠭ ᠤᠨ ᠵᠢᠦ ᠾᠧ ᠵᠡᠬᠦᠨ ᠠᠮᠤ ᠪᠤᠳᠠᠭᠠᠨ ᠤ ᠠᠭᠤᠳᠠᠮ ᠲᠠᠯᠠᠪᠠᠢ ᠶᠢᠨ ᠰᠠᠭᠤᠭᠠᠯᠢ ᠠᠷᠠᠳ ᠤᠨ ᠲᠤᠭᠤᠷᠢᠭ ᠤᠨ ᠰᠠᠭᠤᠭᠠᠯᠢ ᠠᠷᠠᠳ ᠤᠨ ᠲᠤᠰᠬᠠᠭᠰᠠᠨ ᠥᠪᠦᠷ ᠮᠤᠩᠭᠤᠯ ᠤᠨ ᠯᠦ ᠸᠠᠩ ᠢᠮᠠᠭᠠᠨ ᠨᠤᠯᠤᠤᠷ ᠤᠨ ᠴᠠᠮᠴᠠ ᠶᠢᠨ ᠬᠢᠵᠠᠭᠠᠷᠳᠦ ᠺᠤᠮᠫᠠᠨᠢ ᠶᠢᠨ ᠬᠠᠮᠠᠷ ᠭᠠᠳᠠᠮ᠎ᠠ ᠦᠨᠦᠷ ᠭᠠᠷᠭᠠᠵᠦ ᠪᠠᠶᠢᠭ᠎ᠠ︾ ᠠᠰᠠᠭᠤᠳᠠᠯ ᠪᠤᠯᠤᠨ᠎ᠠ᠃ ᠤᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ 7᠎ ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠥᠪᠦᠷ ᠮᠤᠩᠭᠤᠯ ᠤᠨ ᠵᠤᠬᠢᠴᠠᠭᠤᠯᠤᠨ ᠬᠠᠷᠢᠯᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠢᠨ ᠲᠤᠰ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠤᠭᠤᠳᠤ ᠳᠤ ᠰᠢᠯᠵᠢᠬᠦᠯᠦᠨ ᠦᠭᠴᠦ ᠬᠦᠢᠴᠡᠤᠨᠬᠡᠬᠦᠯᠪᠡ᠃ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠦᠳᠳᠡᠷ ᠲᠦᠷᠭᠡᠨ ᠵᠤᠬᠢᠶᠠᠨ ᠪᠠᠶᠢᠭᠤᠯᠵᠦ ᠪᠠᠶᠢᠭᠠᠳ ᠠᠵᠤ ᠠᠬᠤᠶᠢᠯᠠᠯ ᠎ ᠤᠨ ᠬᠠᠮᠠᠷ ᠭᠠᠳᠠᠮ᠎ᠠ ᠦᠨᠦᠷ ᠭᠠᠷᠭᠠᠵᠦ ᠪᠠᠶᠢᠭ᠎ᠠ ᠡᠬᠢ ᠡᠬᠦᠰᠦᠯ ᠢ ᠪᠠᠶᠢᠴᠠᠭᠠᠨ ᠳᠤᠳᠤᠯᠠᠵᠦ᠂ ᠪᠦᠳᠦᠮᠵᠢᠳᠠᠢ ᠠᠷᠭ᠎ᠠ ᠭᠡᠮᠵᠢᠶ᠎ᠠ ᠠᠪᠴᠦ ᠬᠠᠮᠠᠷ ᠭᠠᠳᠠᠮ᠎ᠠ ᠦᠨᠦᠷ ᠢ ᠠᠷᠢᠯᠭᠠᠬᠤ ᠪᠠᠷ ᠵᠠᠷᠯᠢᠭᠳᠠᠭᠰᠠᠨ ᠤ ᠬᠠᠮᠳᠦ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠪᠠ᠂ ᠤᠳᠤ ᠵᠢᠦ ᠾᠧ ᠵᠡᠬᠦᠨ ᠠᠮᠤ ᠪᠤᠳᠠᠭᠠᠨ ᠤ ᠠᠭᠤᠳᠠᠮ ᠲᠠᠯᠠᠪᠠᠢ ᠶᠢᠨ ᠰᠠᠭᠤᠭᠠᠯᠢ ᠠᠷᠠᠳ ᠤᠨ ᠲᠤᠭᠤᠷᠢᠭ ᠲᠤ ᠬᠠᠮᠠᠷ ᠭᠠᠳᠠᠮ᠎ᠠ ᠦᠨᠦᠷ ᠲᠠᠬᠢᠨ ᠭᠠᠷᠤᠭᠰᠠᠨ ᠦᠭᠡᠢ᠂ ᠠᠰᠠᠭᠤᠳᠠᠯ ᠤᠨ ᠰᠢᠢᠳᠪᠤᠷᠢᠯᠡᠭᠳᠡᠭᠰᠡᠨ ᠨᠢ ᠰᠠᠭᠤᠭᠠᠯᠢ ᠠᠷᠠᠳ ᠲᠤ ᠮᠡᠳᠡᠷᠡᠭᠳᠡᠵᠡᠢ᠃ ᠪᠤᠭᠤᠳᠤ ᠬᠤᠳᠠ ᠶᠢᠨ ᠬᠢᠨ ᠠᠰᠠᠭᠤᠳᠠᠯ ᠢ ᠰᠢᠢᠳᠪᠤᠷᠢᠯᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠳᠤ ᠮᠡᠳᠡᠬᠦᠯᠦᠭᠰᠡᠨ ᠤ ᠬᠠᠮᠳᠦ ᠵᠠᠭᠤᠴᠢᠯᠠᠭᠤᠷ ᠢᠶᠠᠷ ᠳᠠᠮᠵᠢᠭᠤᠯᠤᠨ ᠢᠯᠠ ᠨᠡᠶᠢᠳᠡᠯᠡᠪᠡ᠃      ᠯᠢ ᠪᠢᠩ ᠷᠦᠩ ᠪᠤᠭᠤᠳᠤ ᠬᠤᠳᠠ ᠶᠢᠨ ᠠᠵᠢᠯ ᠳᠤ ᠨᠤᠳᠠᠯᠠᠯᠳᠠ ᠦᠭᠴᠠᠢ᠃ ᠲᠡᠷᠡ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠤᠰᠢᠶᠠᠨ ᠦᠭᠴᠦ ᠬᠦᠢᠴᠡᠳᠭᠡᠬᠦᠯᠦᠭᠰᠡᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠠᠶᠢᠴᠠᠭᠠᠨ ᠰᠢᠢᠳᠪᠤᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ︽ᠨᠠᠮ ᠵᠠᠰᠠᠭ ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠤᠰᠤᠭᠠᠷ᠂ ᠱᠠᠳᠤ ᠳᠠᠷᠠᠭᠠᠯᠠᠨ ᠳᠠᠷᠤᠯᠳᠠ ᠥᠭᠴᠦ᠂ ᠠᠰᠠᠭᠤᠳᠠᠯ ᠢ ᠪᠠᠶᠢᠴᠠᠭᠠᠨ ᠳᠤᠳᠤᠯᠠᠬᠤ ᠦᠭᠡᠢ ᠪᠤᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠦᠭᠡᠢ ᠪᠤᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠤᠯ ᠲᠠᠯᠪᠢᠬᠤ ᠦᠭᠡᠢ᠂ ᠤᠯᠠᠨ ᠲᠦᠮᠡᠨ ᠬᠠᠨᠤᠮᠵᠢ ᠦᠭᠡᠢ ᠪᠤᠯ ᠲᠠᠯᠪᠢᠬᠤ ᠦᠭᠡᠢ ᠪᠠᠶᠢᠬᠤ ᠶᠢ ᠦᠨᠡᠨᠬᠦ ᠪᠡᠶᠡᠯᠡᠬᠦᠯᠬᠦ ᠶᠢᠨ ᠵᠡᠷᠭᠡᠪᠡᠷ ᠨᠢᠭᠡ ᠠᠴᠠ ᠨᠦᠭᠦᠭᠡ ᠶᠢ ᠵᠦᠢᠴᠢᠯᠡᠵᠦ᠂ ᠠᠰᠠᠭᠤᠳᠠᠯ ᠢ ᠰᠢᠭᠰᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠵᠦ᠂ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠪᠤᠳᠠᠳᠤ ᠦᠷ᠎ᠠ ᠪᠦᠳᠦᠮᠵᠢ ᠪᠠᠷ ᠲᠦᠪ ᠤᠨ ᠬᠠᠯᠠᠮᠵᠢᠯᠠᠯ ᠳᠤ ᠬᠠᠷᠢᠭᠤ ᠦᠭᠴᠦ᠂ ᠤᠯᠠᠨ ᠲᠦᠮᠡᠨ ᠤ ᠬᠠᠯᠠᠮᠵᠢᠯᠠᠯ ᠳᠤ ᠬᠠᠷᠢᠭᠤ ᠦᠭᠬᠦ ᠭᠡᠷᠡᠭᠲᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号