ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠦᠬᠦ ᠲᠠᠯ᠎ᠠ ᠪᠠᠷ ᠦᠷᠨᠢᠪᠡ
ᠨᠡᠶᠢᠲᠡᠯᠡᠭᠰᠡᠨ ᠴᠠᠭ᠄
2018/6/19
      ᠡᠨᠡ ᠵᠢᠯ ᠪᠣᠯ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠯ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 11060 ᠭᠠᠴᠠᠭ᠎ᠠ ᠲᠣᠰᠬᠤᠨ᠂ 42 ᠨᠡᠶᠢᠭᠡᠮ ᠲᠣᠭᠤᠷᠢᠭ᠂ 2441 ᠬᠤᠲᠠ ᠶᠢᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠲᠥᠪᠯᠡᠷᠡᠩᠭᠦᠶ ᠪᠠᠷ ᠬᠤᠭᠤᠴᠠᠭ᠎ᠠ ᠰᠤᠯᠢᠬᠤ ᠪᠣᠯᠣᠨ᠎ᠠ᠃ ᠤᠳᠣᠬᠠᠨ ᠳᠤ᠂ ᠪᠦᠬᠦ ᠣᠷᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠦᠬᠦ ᠲᠠᠯ᠎ᠠ ᠪᠠᠷ ᠦᠷᠨᠢᠪᠡ᠃       ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠠᠵᠢᠯ ᠢ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠳᠠᠭᠠᠭᠤᠯᠤᠭᠴᠢ ᠶᠢᠨ ᠡᠩᠨᠡᠭᠡ ᠶᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠨᠥᠬᠦᠴᠡᠯ ᠢ ᠴᠢᠩᠭᠠᠳᠬᠠᠨ᠂  ᠠᠷᠭ᠎ᠠ ᠵᠠᠮ ᠢ ᠥᠷᠭᠡᠳᠬᠡᠵᠦ᠂ ᠬᠢᠷᠢ ᠬᠡᠮ ᠢ ᠴᠢᠩᠭ᠎ᠠ ᠬᠢᠨᠠᠬᠤ ᠪᠠᠷ ᠳᠠᠮᠵᠢᠭᠤᠯᠤᠨ᠂ ᠬᠥᠮᠦᠨ ᠰᠤᠩᠭᠤᠬᠤ ᠪᠡᠷᠬᠡ ᠰᠡᠳᠦᠪ ᠢ ᠰᠢᠢᠳᠪᠦᠷᠢᠯᠡᠨ᠂ ᠤᠷᠢᠳ ᠬᠤᠵᠢᠳ 19897 ᠨᠡᠷᠡᠰ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠭᠳᠡᠭᠰᠡᠳ ᠤᠨ ᠬᠢᠷᠢ ᠬᠡᠮ ᠢ ᠬᠢᠨᠠᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠢ 2᠂ ᠠᠶᠢᠮᠠᠭ ᠬᠤᠲᠠ ᠶᠢᠨ ᠬᠢᠨᠠᠨ ᠵᠢᠯᠣᠭᠤᠳᠬᠤ ᠳᠤᠭᠤᠶᠢᠯᠠᠩ ᠢ 54᠂ ᠬᠤᠰᠢᠭᠤ ᠰᠢᠶᠠᠨ ᠤ ᠵᠢᠭᠠᠨ ᠵᠢᠯᠣᠭᠤᠳᠬᠤ ᠳᠤᠭᠤᠶᠢᠯᠠᠩ ᠢ 682 ᠲᠣᠮᠢᠯᠠᠵᠤ᠂  ᠦᠨᠴᠦᠭ ᠪᠤᠯᠦᠩ ᠦᠯᠡᠳᠡᠭᠡᠯ ᠦᠭᠡᠢ ᠲᠣᠭᠤᠷᠢᠨ ᠶᠢ ᠦᠨᠡᠨ ᠬᠦ ᠪᠠᠲᠤᠯᠠᠵᠠᠢ᠃ 6 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠪᠦᠬᠦ ᠣᠷᠣᠨ ᠳᠤ 1 ᠠᠶᠢᠮᠠᠭ ᠬᠤᠳᠠ᠂ 22 ᠬᠤᠰᠢᠭᠤ ᠰᠢᠶᠠᠨ ︵ᠬᠤᠳᠠ᠂ ᠲᠣᠭᠤᠷᠢᠭ︶᠂ 430 ᠰᠤᠮᠤ ᠰᠢᠶᠠᠩ ᠪᠠᠯᠭᠠᠰᠤ ᠵᠢᠴᠢ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ 7766 ᠭᠠᠴᠠᠭ᠎ᠠ ᠲᠣᠰᠬᠤᠨ᠂ 1395 ᠨᠡᠶᠢᠭᠡᠮ ᠲᠣᠭᠤᠷᠢᠭ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号