ᠦᠪᠡᠷᠲᠡᠭᠡᠨ ᠵᠠᠰᠠᠬᠤ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠎ ᠤᠨ ᠤᠳᠤᠷᠢᠳᠬᠤ ᠳᠤᠭᠤᠶᠢᠯᠠᠩ ᠪᠦᠬᠦᠳᠠ ᠬᠤᠷᠠᠯ ᠬᠤᠷᠠᠯᠳᠤᠭᠤᠯᠪᠠ ᠯᠢ ᠵᠢᠢ ᠾᠧᠩ ᠴᠤᠬᠤᠯᠠᠪᠤᠷᠢ ᠦᠭᠴᠦ ᠯᠢ ᠵᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/6/19
     6 ᠳ᠋ᠤᠭᠠᠷ ᠰᠠᠷ᠎ᠠ ᠶᠢᠨ 15᠎ ᠤ ᠤᠷᠤᠢ᠂ ᠦᠪᠡᠷᠲᠡᠭᠡᠨ ᠵᠠᠰᠠᠬᠤ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠪᠦᠬᠦᠳᠠ ᠬᠤᠷᠠᠯ ᠬᠤᠷᠠᠯᠳᠤᠭᠤᠯᠵᠦ᠂ ᠤᠶᠢᠷ᠎ᠠ ᠶᠢᠨ ᠬᠤᠭᠤᠴᠠᠭᠠᠨ ᠳᠤ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠭᠰᠡᠨ ᠪᠠᠶᠢᠳᠠᠯ ᠤᠨ ᠲᠤᠬᠠᠢ ᠪᠦᠬᠦ ᠲᠠᠯ᠎ᠠ ᠶᠢᠨ ᠳ᠋ᠦᠩᠨᠡᠯᠳᠠ ᠬᠢᠵᠦ᠂ ᠳᠠᠷᠠᠭᠠᠴᠢ ᠶᠢᠨ ᠠᠯᠬᠤᠮ ᠎ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠴᠤᠬᠤᠯᠠᠪᠤᠷᠢ ᠦᠭᠴᠡᠢ᠃      ᠯᠢ ᠵᠢᠢ ᠾᠧᠩ ᠴᠤᠬᠤᠯᠠᠪᠤᠷᠢ ᠳᠠᠭᠠᠨ ᠵᠢᠭᠠᠭᠰᠠᠨ ᠨᠢ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠦᠭᠰᠡᠨ ᠠᠴᠠ ᠨᠠᠰᠢ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠷᠢᠯᠠᠭᠤᠯᠤᠯᠲᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠬᠳᠠ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠬᠦᠴᠦᠨ ᠢᠶᠠᠷ ᠢᠶᠠᠨ ᠵᠤᠬᠢᠶᠠᠨ ᠪᠠᠶᠢᠭᠤᠯᠤᠨ ᠠᠬᠢᠭᠤᠯᠵᠦ᠂ ᠨᠢᠭᠡ ᠪᠦᠯᠦᠭ ᠬᠠᠷ᠎ᠠ ᠪᠦᠯᠦᠭᠳᠡᠨ ᠬᠠᠷᠬᠢᠰ ᠬᠦᠴᠦᠨ ᠢ ᠬᠠᠤᠯᠢ ᠶᠤᠰᠤᠭᠠᠷ ᠴᠢᠩᠭ᠎ᠠ ᠰᠢᠳᠬᠡᠵᠦ᠂ ᠢᠯᠡᠷᠭᠡᠢ ᠱᠠᠳᠤᠴᠢ ᠴᠢᠨᠠᠷᠳᠠᠢ ᠦᠷ᠎ᠠ ᠪᠦᠳᠦᠮᠵᠢ ᠤᠯᠵᠠᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠳᠠᠷᠠᠭᠠᠴᠢ ᠶᠢᠨ ᠠᠯᠬᠤᠮ ᠳᠤ᠂ ᠤᠯᠤᠰ ᠲᠦᠷᠦ ᠶᠢᠨ ᠵᠤᠬᠰᠤᠯᠳᠠ ᠪᠠᠨ ᠴᠢᠨᠠᠬᠰᠢᠳᠠ ᠳᠡᠭᠡᠭᠰᠢᠯᠡᠬᠦᠯᠵᠦ᠂ ︽ᠲᠦᠷᠪᠡᠨ ᠤᠬᠠᠮᠰᠠᠷ︾᠎ ᠢᠶᠠᠨ ᠦᠨᠡᠨᠬᠦ ᠳᠡᠭᠡᠭᠰᠢᠯᠡᠭᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠠᠰᠠᠭᠤᠳᠠᠯ ᠤᠨ ᠰᠢᠨ᠎ᠠ ᠬᠠᠨᠳᠤᠰᠢ ᠶᠢ ᠨᠢᠬᠳᠠ ᠠᠵᠢᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠤᠯᠢᠵᠢᠯ ᠤᠨ ᠰᠡᠳᠬᠢᠬᠦᠢ ᠲᠠᠢ ᠪᠠᠶᠢᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠳᠠᠯᠠᠵᠦ᠂ ᠲᠤᠰᠬᠠᠢ ᠵᠠᠰᠠᠯᠳᠠ ᠪᠠ ᠰᠢᠰᠲ᠋ᠧᠮ ᠲᠠᠢ ᠵᠠᠰᠠᠯᠳᠠ᠂ ᠶᠡᠷᠦᠩᠬᠡᠶᠢᠯᠡᠭᠰᠡᠨ ᠵᠠᠰᠠᠯᠳᠠ᠂ ᠬᠠᠤᠯᠢ ᠶᠤᠰᠤᠨ ᠤ ᠵᠠᠰᠠᠯᠳᠠ᠂ ᠡᠬᠢ ᠡᠬᠦᠰᠦᠯ ᠤᠨ ᠵᠠᠰᠠᠯᠳᠠ ᠶᠢ ᠨᠢᠭᠲᠠ ᠤᠶᠠᠯᠳᠤᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠠ ᠢᠯᠵᠢᠷᠡᠯ ᠢ ᠡᠰᠡᠷᠬᠦᠴᠡᠬᠦ ᠲᠡᠮᠡᠴᠡᠯ᠂ ᠦᠨᠳᠦᠰᠦᠨ ᠱᠠᠳᠤᠨ ᠤ ︽ᠢᠯᠠᠭ᠎ᠠ ᠶᠢ ᠴᠤᠬᠢᠬᠤ︾᠂ ︽ᠬᠠᠮᠠᠭᠠᠯᠠᠬᠤ ᠰᠢᠬᠦᠷ︾᠎ ᠢ ᠬᠦᠨᠵᠡᠭᠡᠢ ᠠᠭᠤᠳᠠᠯᠤᠨ ᠪᠠᠶᠢᠴᠠᠭᠠᠬᠤ ᠶᠢ ᠤᠶᠠᠯᠳᠤᠭᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢ ᠴᠢᠩᠭᠠᠳᠬᠠᠬᠤ ᠶᠢ ᠤᠶᠠᠯᠳᠤᠭᠤᠯᠵᠦ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠳᠠᠢ ᠠᠬᠢᠭᠤᠯᠤᠨ᠂ ᠲᠤᠤᠱᠳᠠᠢ ᠠᠷᠢᠯᠭᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠰᠦᠷ ᠬᠦᠴᠦᠳᠠᠢ᠂ ᠪᠤᠳᠠᠳᠠᠢ ᠦᠷ᠎ᠠ ᠪᠦᠳᠦᠮᠵᠢᠳᠠᠢ ᠪᠠᠶᠢᠬᠤ ᠶᠢ ᠪᠠᠳᠤᠯᠠᠵᠦ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠳᠠᠰᠤᠷᠠᠯᠳᠠ ᠦᠭᠡᠢ ᠨᠡᠮᠡᠭᠳᠡᠬᠦᠯᠬᠦ ᠭᠡᠷᠡᠭᠲᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ᠂ ᠨᠠᠮ ᠤᠨ ᠬᠤᠷᠢᠶᠠᠨ ᠎ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠶᠠᠩ ᠸᠧᠢ ᠳ᠋ᠦᠩ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠦᠨᠳᠦᠷ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠤᠷᠤᠯᠴᠠᠵᠠᠢ᠃      ᠯᠢ ᠵᠢᠶᠠ ᠵᠢᠭᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠦᠪ ᠤᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠵᠤᠷᠢᠭᠳᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠭ᠎ᠠ ᠰᠦᠪᠡᠭᠴᠢᠯᠡᠵᠤ ᠪᠤᠳᠤᠯᠭ᠎ᠠ ᠭᠠᠷᠭᠠᠬᠤ ᠳᠠᠭᠠᠨ ᠴᠢᠳᠠᠮᠠᠭᠠᠢ ᠪᠠᠶᠢᠬᠤ ᠬᠡᠷᠡᠭᠳᠠᠢ᠃ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠬᠦᠷᠢᠶ᠎ᠠ ᠪᠤᠯᠤᠨ ᠭᠤᠤᠯᠳᠠᠯᠭ᠎ᠠ ᠲᠠᠢ ᠠᠵᠢᠯ ᠲᠦᠷᠦᠯ ᠳᠤ ᠠᠩᠬᠠᠷᠤᠯ ᠢᠶᠠᠨ ᠲᠦᠪᠯᠡᠷᠡᠭᠦᠯᠵᠦ᠂ ᠴᠤᠬᠢᠯᠳᠠ ᠶᠢᠨ ᠬᠦᠴᠦᠨ ᠢ ᠢᠮᠠᠭᠳᠠ ᠤᠯᠠᠨ ᠲᠦᠮᠡᠨ ᠤ ᠳᠤᠰᠬᠠᠯᠳᠠ ᠬᠠᠮᠤᠭ ᠎ ᠤᠨ ᠴᠢᠩᠭ᠎ᠠ ᠪᠠᠶᠢᠭ᠎ᠠ᠂ ᠬᠠᠮᠤᠭ ᠤᠨ ᠬᠠᠷᠬᠢᠰ ᠬᠡᠷᠴᠡᠭᠡᠢ ᠡᠯ᠎ᠠ ᠲᠦᠷᠦᠯ ᠤᠨ ᠬᠠᠷ᠎ᠠ ᠪᠦᠯᠦᠭᠳᠡᠨ ᠬᠠᠷᠬᠢᠰ ᠬᠦᠴᠦᠨ ᠎ ᠳᠤ ᠬᠠᠨᠳᠤᠭᠤᠯᠵᠤ᠂ ᠵᠠᠪᠠᠯ ᠬᠦᠴᠦᠳᠠᠢ ᠴᠤᠬᠢᠯᠳᠠ ᠦᠭᠴᠤ᠂ ᠲᠤᠯᠤᠭᠠᠢ ᠦᠨᠳᠡᠶᠢᠪᠡᠯ ᠨᠢᠴᠠ ᠴᠤᠬᠢᠬᠤ ᠬᠡᠷᠡᠭᠳᠠᠢ᠃ ᠬᠠᠤᠯᠢᠵᠢᠯ ᠤᠨ ᠰᠡᠳᠭᠢᠬᠦᠢ ᠪᠤᠯᠤᠨ ᠬᠠᠤᠯᠢᠵᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠬᠡᠷᠡᠭ ᠰᠢᠢᠳᠪᠦᠷᠢᠯᠡᠬᠦ ᠳᠡᠭᠡᠨ ᠬᠠᠤᠯᠢ ᠶᠢ ᠴᠢᠩᠭ᠎ᠠ ᠵᠢᠷᠤᠮᠯᠡᠨ᠂ ᠡᠨᠡᠬᠦ ᠲᠤᠰᠬᠠᠢ ᠲᠡᠮᠡᠴᠡᠯ ᠢ ᠬᠠᠤᠯᠢᠵᠢᠯ ᠤᠨ ᠵᠠᠮ ᠳᠡᠭᠡᠷ᠎ᠠ ᠶᠠᠪᠤᠭᠳᠠᠭᠤᠯᠬᠤ ᠶᠢ ᠪᠠᠲᠤᠯᠠᠬᠤ ᠬᠡᠷᠡᠭᠳᠠᠢ᠃ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠨᠡᠩ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠳᠤᠮᠳᠠ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠬᠤ ᠠᠰᠠᠭᠤᠳᠠᠯ ᠤᠨ ᠡᠭᠦᠰᠬᠦ ᠬᠦᠯᠡᠮᠵᠢ ᠰᠢᠷᠤᠢ ᠶᠢ ᠠᠷᠢᠯᠭᠠᠬᠤ ᠬᠡᠷᠡᠭᠳᠠᠢ ᠭᠡᠵᠤ ᠭᠡᠵᠡᠢ᠃ ᠲᠡᠷᠡ ᠴᠢᠬᠤᠯᠠᠴᠢᠯᠠᠭᠰᠠᠨ ᠨᠢ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠳᠡᠭᠡᠷ᠎ᠠ ᠳᠤᠤᠷ᠎ᠠ ᠱᠠᠳᠤ ᠪᠠᠷ ᠢᠶᠠᠨ ᠬᠠᠮᠵᠢᠯᠴᠠᠵᠤ᠂ ᠰᠠᠯᠠᠭ᠎ᠠ ᠮᠦᠴᠢᠷ ᠤᠨ ᠬᠤᠭᠤᠷᠤᠨᠳᠤ ᠪᠠᠨ ᠬᠠᠮᠳᠤᠷᠠᠯᠴᠠᠵᠤ᠂ ᠬᠦᠴᠦ ᠪᠠᠨ ᠨᠢᠭᠡᠳᠭᠡᠵᠤ᠂ ᠡᠯ᠎ᠠ ᠲᠠᠯ᠎ᠠ ᠶᠢᠨ ᠢᠳᠡᠪᠬᠢᠵᠢᠯ ᠢ ᠬᠠᠮᠤᠭ ᠤᠨ ᠶᠡᠭᠡ ᠬᠡᠪᠴᠢᠶ᠎ᠠ ᠪᠠᠷ ᠳᠠᠶᠢᠴᠢᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号