ᠪᠦᠬᠦ ᠤᠷᠤᠨ ᠤ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/6/19
     6 ᠳ᠋ᠤᠭᠠᠷ ᠰᠠᠷ᠎ᠠ ᠶᠢᠨ 15 ᠤ ᠡᠳᠦᠷ᠂ ᠪᠦᠬᠦ ᠤᠷᠤᠨ ᠤ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠠᠵᠢᠯ ᠤᠨ ᠠᠬᠢᠴᠠ ᠪᠠ ᠦᠷ᠎ᠠ ᠪᠦᠳᠦᠮᠵᠢ᠂ ᠤᠷᠤᠰᠢᠵᠤ ᠪᠠᠶᠢᠭ᠎ᠠ ᠭᠤᠤᠯ ᠠᠰᠠᠭᠤᠳᠠᠯ ᠵᠡᠷᠭᠡ ᠪᠠᠨ ᠵᠠᠳᠠᠯᠤᠨ᠂ ᠲᠠᠷᠠᠭᠠᠴᠢ ᠶᠢᠨ ᠭᠤᠤᠯ ᠠᠵᠢᠯ ᠢᠶᠠᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠡᠸᠦ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠮᠦᠨ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ᠂ ︽ᠡᠷᠬᠡ ᠶᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠶᠢᠨ ᠰᠢᠪᠳᠤᠯᠤᠯᠳᠠ ᠶᠢᠨ ᠴᠢᠨᠠᠷᠳᠠᠢ᠂ ᠬᠦᠳᠦᠯᠦᠨ ᠲᠠᠭᠠᠭᠤᠯᠬᠤ ᠴᠢᠨᠠᠷᠳᠠᠢ᠂ ᠲᠦᠯᠦᠭᠡᠯᠡᠬᠦ ᠴᠢᠨᠠᠷᠳᠠᠢ ᠠᠷᠭ᠎ᠠ ᠬᠡᠮᠵᠢᠶ᠎ᠡ ᠪᠤᠯᠤᠨ᠎ᠠ᠂ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠴᠢᠬᠤᠯᠠ ᠦᠢᠯᠡᠳᠦᠯ ᠲᠠᠢ ᠶᠤᠮ᠃ ᠮᠠᠨ ᠤ ᠤᠷᠤᠨ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠡᠬᠢᠯᠡᠭᠦᠯᠦᠭᠰᠡᠨ 4 ᠵᠢᠯ ᠭᠠᠷᠤᠢ ᠶᠢᠨ ᠲᠤᠷᠰᠢ᠂ ︽ᠤᠯᠠᠨ ᠦᠨᠡᠮᠯᠡᠯ ᠢ ᠨᠢᠭᠡᠳᠬᠡᠬᠦ︾ ᠵᠡᠷᠭᠡ 23 ᠵᠦᠢᠯ ᠤᠨ ᠪᠤᠳᠠᠳᠠᠢ ᠦᠭᠡᠷᠡᠴᠢᠯᠡᠯᠳᠡ ᠶᠢᠨ ᠠᠷᠭ᠎ᠠ ᠠᠪᠴᠤ᠂ ᠤᠳᠤ ᠦᠶ᠎ᠠ ᠶᠢᠨ ᠠᠵᠤ ᠠᠬᠤᠢ ᠶᠢᠨ ᠰᠢᠰᠲ᠋ᠧᠮ ᠤᠨ ᠱᠠᠭᠠᠷᠳᠠᠯᠭ᠎ᠠ ᠲᠠᠢ ᠨᠡᠶᠢᠴᠡᠬᠦ ᠬᠤᠳᠠᠯᠳᠤᠭᠠᠨ ᠤ ᠶᠠᠪᠤᠳᠠᠯ ᠤᠨ ᠵᠦᠢᠯᠡᠰ ᠤᠨ ᠦᠭᠡᠷᠡᠴᠢᠯᠡᠯᠳᠡ ᠶᠢᠨ ᠶᠡᠷᠦᠩᠬᠡᠢ ᠲᠦᠰᠦᠪ ᠢ ᠪᠦᠷᠢᠯᠳᠦᠭᠦᠯᠵᠦ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠢᠨ᠎ᠠ ᠲᠤᠭᠳᠠᠴᠠ ᠶᠢ ᠪᠠᠶᠢᠭᠤᠯᠤᠨ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠲᠦᠷᠢᠮ ᠤᠨ ᠴᠢᠨᠠᠷᠳᠠᠢ ᠥᠪᠡᠷ ᠤᠨ ᠦᠷᠳᠡᠭ ᠢ ᠪᠠᠭᠤᠷᠠᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠠᠶᠢᠵᠢᠷᠠᠭᠤᠯᠵᠤ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠪᠤᠯᠤᠨ ᠨᠡᠶᠢᠭᠡᠮ ᠤᠨ ᠡᠭᠦᠳᠦᠨ ᠪᠦᠳᠦᠭᠡᠬᠦ ᠴᠢᠳᠠᠪᠤᠷᠢ ᠶᠢ ᠬᠦᠭᠵᠢᠭᠡᠵᠡᠢ ᠭᠡᠪᠠ᠃      ᠡᠸᠦ ᠶᠠᠩ ᠰᠢᠶᠤᠤ ᠬᠤᠢ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠪᠠᠶᠢᠳᠠᠯ  ᠢ ᠲᠤᠳᠤᠷᠬᠠᠢ ᠲᠠᠨᠢᠵᠤ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ︔ ᠤᠨᠢᠨ ᠲᠡᠭᠡᠷ᠎ᠠ ᠨᠢ ᠬᠦᠴᠦᠯᠡᠵᠦ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ︔ ᠬᠦᠴᠦᠨ ᠢᠶᠠᠨ ᠬᠠᠮᠳᠤᠳᠬᠠᠨ ᠰᠢᠪᠲᠤᠯᠵᠤ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠬᠤᠷᠠᠯ ᠪᠤᠯ ᠡᠭᠦᠷᠭᠡ ᠨᠠᠶᠢᠳᠠᠪᠤᠷᠢᠵᠢᠭᠤᠯᠬᠤ ᠬᠤᠷᠠᠯ᠂ ᠮᠦᠨᠴᠦ ᠰᠢᠮᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠬᠤᠷᠠᠯ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠵᠤᠷᠢᠭᠳᠠᠢ ᠡᠭᠦᠷᠭᠡᠯᠡᠨ ᠵᠤᠷᠢᠭᠳᠠᠢ ᠬᠢᠵᠦ᠂ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠭᠡᠷᠡᠴᠢᠯᠡᠯᠳᠡ ᠶᠢᠨ ᠲᠠᠯ᠎ᠠ ᠪᠠᠷ ᠰᠢᠨ᠎ᠠ ᠦᠷ᠎ᠠ ᠪᠦᠳᠦᠮᠵᠢ ᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠲᠡᠯᠭᠡᠭᠦᠷ ᠤᠨ ᠭᠤᠤᠯ ᠴᠤᠭᠴᠠ ᠪᠤᠯᠤᠨ ᠶᠠᠪᠤᠳᠠᠯ ᠡᠷᠬᠢᠯᠡᠬᠦ ᠤᠯᠠᠨ ᠲᠦᠮᠡᠨ ᠢ ᠨᠡᠩ ᠢᠯᠡᠭᠦᠦ ᠬᠦᠷᠳᠡᠮᠵᠢ ᠶᠢᠨ ᠲᠦᠷᠦᠭᠳᠡᠯ ᠲᠠᠢ ᠪᠤᠯᠭᠠᠵᠤ᠂ ᠪᠦᠬᠦ ᠤᠷᠤᠨ ᠤ ᠴᠢᠨᠠᠷ ᠰᠠᠶᠢᠲᠠᠢ ᠬᠦᠭᠵᠢᠯᠳᠡ ᠳᠤ ᠲᠠᠬᠢᠨᠳᠠ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号