2018 ᠳᠤᠮᠳᠠᠳᠤ ᠤᠯᠤᠰ ︵ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ︶᠎ ᠤᠨ ᠤᠢ ᠰᠢᠭᠤᠶ ᠶᠢᠨ ᠵᠢᠭᠤᠯᠴᠢᠯᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2018/6/20
     6 ᠳ᠋ᠤᠭᠠᠷ ᠰᠠᠷ᠎ᠠ ᠶᠢᠨ 18᠎ ᠤ ᠡᠳᠦᠷ᠂ ᠠᠭᠤᠯᠠ ᠠᠪᠠᠷᠢᠬᠤ ᠪᠠᠭ᠋ᠠᠳᠠᠨ ᠤᠷᠤᠯᠳᠤᠵᠤ ᠪᠠᠶᠢᠭ᠎ᠠ ᠨᠢ᠃ ᠲᠤᠰ ᠡᠳᠦᠷ᠂ ᠶᠡᠭᠡ ᠬᠢᠩᠭᠠᠨ ᠳᠠᠪᠠᠭᠠᠨ ᠤ ᠤᠢ ᠰᠢᠭᠤᠶ ᠶᠢᠨ ᠵᠢᠭᠤᠯᠴᠢᠯᠠᠯ ᠤᠨ ᠨᠠᠶᠢᠷ ᠨᠢ ᠭᠡᠷ ᠤᠨ ᠭᠠᠳᠠᠨᠠᠬᠢ ᠶᠡᠭᠡ ᠬᠢᠩᠭᠠᠨ ᠳᠠᠪᠠᠭ᠎ᠠ ᠶᠢᠨ ᠠᠭᠤᠯᠠ ᠠᠪᠠᠷᠢᠵᠤ ᠵᠤᠭᠠᠴᠠᠬᠤ ᠠᠵᠢᠯᠯᠠᠭ᠎ᠠ ᠶᠠᠪᠤᠭᠤᠯᠵᠤ᠂ ᠮᠢᠩᠭ᠎ᠠ ᠭᠠᠷᠤᠶ ᠠᠭᠤᠯᠠ ᠠᠪᠠᠷᠢᠬᠤ ᠪᠠᠭ᠋ᠠᠳᠠᠨ ᠤᠷᠤᠯᠴᠠᠵᠠᠢ᠃ ᠣᠷᠣᠯᠴᠠᠭᠰᠠᠳ ᠪᠡᠶ᠎ᠡ ᠴᠢᠭᠢᠷᠠᠭᠵᠢᠭᠤᠯᠬᠤ ᠶᠢᠨ ᠬᠠᠮᠲᠤ ᠶᠡᠭᠡ ᠬᠢᠩᠭᠠᠨ ᠳᠠᠪᠠᠭᠠᠨ ᠤ ᠰᠠᠶᠢᠬᠠᠨ ᠦᠵᠡᠮᠵᠢ ᠶᠢ ᠰᠤᠨᠢᠷᠬᠠᠪᠠ᠃      ᠬᠢᠩᠭᠠᠨ ᠳᠠᠪᠠᠭ᠎ᠠ ᠴᠡᠯᠭᠡᠷᠡᠨ ᠨᠤᠭᠤᠭᠠᠷᠠᠵᠤ᠂ ᠴᠡᠩᠬᠡᠷ ᠳᠤᠯᠭᠢᠶᠠᠨ ᠬᠠᠶᠠᠯᠠᠨ᠎ᠠ᠃ 6 ᠳ᠋ᠤᠭᠠᠷ ᠰᠠᠷ᠎ᠠ ᠶᠢᠨ 18᠎ ᠤ ᠡᠳᠦᠷ᠂ ᠳᠤᠮᠳᠠᠳᠤ ᠤᠯᠤᠰ ︵ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ︶᠎ ᠤᠨ ᠤᠢ ᠰᠢᠭᠤᠶ ᠶᠢᠨ ᠵᠢᠭᠤᠯᠴᠢᠯᠠᠯ ᠤᠨ ᠨᠠᠶᠢᠷ — ᠴᠤᠤᠯ ︽ᠰᠢᠭᠤᠶ ᠳᠤ ᠤᠷᠤᠵᠤ᠂ ᠡᠬᠢ ᠪᠠᠶᠢᠭᠠᠯᠢ ᠳᠤ ᠤᠶᠢᠷᠠᠳᠬᠤ︾ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠭᠤᠯᠠ ᠠᠪᠠᠷᠢᠬᠤ ᠨᠠᠶᠢᠷ ᠴᠤᠤᠯ ᠤᠢ ᠰᠢᠭᠤᠶ ᠶᠢᠨ ᠲᠣᠪᠴᠢᠶ᠎ᠠ ᠶᠢᠨ ᠢᠦ᠋ᠢᠰᠢ ᠴᠡᠴᠡᠷᠯᠢᠭ ᠲᠤ ᠡᠬᠢᠯᠡᠪᠡ᠂ ᠰᠣᠶᠣᠯ᠂ ᠤᠷᠠᠯᠢᠭ᠂ ᠭᠡᠷᠡᠯ ᠵᠢᠷᠤᠭ ᠤᠨ ᠡᠲᠡᠭᠡᠳ ᠤᠨ ᠲᠥᠯᠥᠭᠡᠯᠡᠭᠴᠢ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠦᠷᠦᠯ ᠤᠨ ᠨᠡᠶᠢᠭᠡᠮᠯᠢᠭ ᠤᠨ ᠭᠡᠰᠢᠭᠦᠨ᠂ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠳᠤ ᠪᠠᠬ᠎ᠠ ᠲᠠᠢ ᠬᠦᠮᠦᠰ ᠪᠣᠯᠤᠨ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ︽ᠲᠠᠭᠠᠲᠠᠢ ᠠᠮᠢᠳᠤᠷᠠᠯ ᠤᠨ ᠰᠡᠯᠡᠭᠦᠨ ᠪᠠᠯᠭᠠᠰᠤ︾ ᠴᠤᠤᠯ ᠳᠤ ᠴᠤᠭᠯᠠᠷᠠᠵᠤ᠂ ᠨᠢᠭᠡ ᠤᠳᠠᠭᠠᠨ ᠤ ᠰᠢᠨ᠎ᠡ ᠰᠤᠷᠭᠤᠭ ︽ᠬᠦᠴᠢᠯᠲᠥ᠋ᠷᠥᠭᠴᠢᠲᠦ︾ ᠤᠢ ᠰᠢᠭᠤᠶ ᠶᠢᠨ ᠵᠢᠭᠤᠯᠴᠢᠯᠠᠯ ᠤᠨ ᠶᠡᠭᠡ ᠶᠤᠰᠤᠯᠠᠯ ᠢ ᠬᠦᠷᠲᠡᠪᠡ᠃      ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠤᠢ ᠶᠢᠨ ᠬᠠᠮᠢᠶᠠᠷᠤᠯᠲᠠ ᠶᠢᠨ ᠲᠣᠪᠴᠢᠶ᠎ᠠ ᠭᠤᠣᠯᠯᠠᠨ ᠡᠷᠭᠢᠯᠡᠵᠦ᠂ ᠴᠤᠤᠯ ᠤᠢ ᠰᠢᠭᠤᠶ ᠶᠢᠨ ᠲᠣᠪᠴᠢᠶ᠎ᠠ᠂ ᠶᠠᠭᠰᠢ ᠬᠤᠲᠠ ᠶᠢᠨ ᠵᠠᠰᠠᠭ ᠤᠨ ᠣᠷᠳᠣᠨ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠤᠢ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠠᠵᠢᠯᠴᠢᠨ ᠤ ᠡᠪᠯᠡᠯ᠂ ᠵᠢᠭᠤᠯᠴᠢᠯᠠᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠡᠢ᠂ ᠡᠨᠡ ᠨᠢ 2018 ᠳᠤᠮᠳᠠᠳᠤ ᠤᠯᠤᠰ ᠤᠨ ᠤᠢ ᠰᠢᠭᠤᠶ ᠶᠢᠨ ᠵᠢᠭᠤᠯᠴᠢᠯᠠᠯ ᠤᠨ ᠨᠠᠶᠢᠷ ᠤᠨ ᠠᠩᠬᠠᠳᠠᠭᠴᠢ ᠠᠵᠢᠯᠯᠠᠭ᠎ᠠ ᠪᠤᠯᠬᠤ ᠪᠦᠭᠡᠳ᠂ ︽ᠴᠡᠩᠬᠡᠷ ᠠᠭᠤᠯᠠ ᠴᠡᠩᠭᠡᠭ ᠤᠰᠤ ᠪᠠᠷ ᠵᠤᠭᠠᠴᠠᠨ · ᠠᠮᠢ ᠠᠬᠤᠶ ᠶᠢᠨ ᠪᠤᠯᠪᠠᠰᠤᠨ ᠢ ᠬᠦᠷᠲᠡᠬᠦ︾᠎ ᠪᠠᠷ ᠭᠤᠤᠯ ᠰᠡᠳᠦᠪ ᠪᠤᠯᠭᠠᠵᠠᠢ᠃ ᠠᠵᠢᠯᠯᠠᠭ᠎ᠠ ᠶᠢᠨ ᠬᠤᠭᠤᠴᠠᠭᠠᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠭᠤᠯᠠ ᠠᠪᠠᠷᠢᠬᠤ᠂ ︽ᠵᠠᠯᠠᠭᠤ ᠨᠠᠰᠤᠨ ᠤ ᠬᠢᠩᠭᠠᠨ ᠳᠠᠪᠠᠭ᠎ᠠ︾ ᠤᠷᠠᠨ ᠰᠠᠶᠢᠬᠠᠨ ᠤ ᠲᠣᠭᠯᠠᠯᠲᠠ᠂ ᠵᠢᠭᠤᠯᠴᠢᠯᠠᠯ ᠤᠨ ᠦᠩᠬᠡ ᠦᠵᠡᠮᠵᠢ ᠶᠢᠨ ᠭᠡᠷᠡᠯ ᠵᠢᠷᠤᠭ ᠤᠨ ᠦᠵᠡᠭᠦᠯᠦᠯᠭᠡ᠂ ᠠᠯᠳᠠᠷᠲᠤ ᠤᠷᠠᠨ ᠪᠢᠴᠢᠯᠭᠡᠲᠡᠨ ᠤ ᠲᠤᠬᠠᠢ ᠶᠢᠨ ᠭᠠᠵᠠᠷ ᠲᠠᠬᠢ ᠪᠢᠴᠢᠯᠭᠡ ᠪᠦᠲᠦᠭᠡᠯ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠭᠤᠣᠯ ᠰᠡᠳᠦᠪᠲᠦ ᠲᠠᠯᠠᠪᠠᠶ ᠶᠢᠨ ᠢᠯᠡᠷᠬᠡᠶᠢᠯᠡᠯ ᠰᠡᠬᠦᠬᠦ ᠶᠣᠰᠣᠯᠠᠯ᠂ ᠰᠦᠨᠢ ᠶᠢᠨ ᠦᠵᠡᠮᠵᠢ ᠶᠢ ᠰᠤᠨᠢᠷᠬᠠᠬᠤ ᠵᠡᠷᠭᠡ ᠠᠵᠢᠯᠯᠠᠭ᠎ᠠ ᠶᠠᠪᠤᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号