ᠥᠪᠥᠷ ᠮᠣᠩᠭᠤᠯ ᠬᠡᠷ ᠪᠦᠯᠢ ᠶᠢᠨ ᠡᠮᠴᠢ ᠶᠢᠨ App ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠳᠠᠩᠰᠠᠯᠠᠬᠤ ᠪᠠ ᠦᠢᠯᠡᠴᠢᠯᠡᠬᠦ ᠠᠵᠢᠯ ᠢᠶᠠᠨ ᠴᠢᠩᠭᠠᠳᠬᠠᠵᠤ ᠪᠣᠢ
ᠨᠡᠶᠢᠲᠡᠯᠡᠭᠰᠡᠨ ᠴᠠᠭ᠄
2018/6/20
     ᠦᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ ᠡᠯ᠎ᠡ ᠠᠶᠢᠮᠠᠭ ᠬᠤᠲᠠ ᠲᠤ ᠬᠡᠷ ᠪᠦᠯᠢ ᠶᠢᠨ ᠡᠮᠴᠢ ᠶᠢᠨ App ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠳᠠᠩᠰᠠᠯᠠᠬᠤ ᠪᠠ ᠦᠢᠯᠡᠴᠢᠯᠡᠬᠦ ᠠᠵᠢᠯ ᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ ᠱᠠᠭᠠᠷᠳᠠᠭᠰᠠᠨ ᠨᠢ᠂ 2018 ᠣᠨ ᠳᠤ᠂ ᠪᠤᠢ ᠪᠦᠬᠦᠢ ᠠᠶᠢᠮᠠᠭ ᠬᠤᠳᠠ App ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠦᠢᠯᠡᠴᠢᠯᠡᠭᠡᠨ ᠢ ᠬᠡᠷᠡᠭᠵᠢᠭᠦᠯᠵᠦ᠂ ᠡᠩ ᠲᠡᠷᠢᠭᠦᠨ ᠳᠤ ᠦᠢᠯᠡᠴᠢᠯᠡᠭᠡᠨ ᠤ ᠭᠡᠷ᠎ᠡ ᠲᠣᠭᠲᠠᠬᠤ ᠭᠤᠣᠯᠳᠠᠯᠭ᠎ᠠ ᠲᠠᠢ ᠬᠦᠮᠦᠰ᠂ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠦᠢᠯᠡᠴᠢᠯᠡᠭᠡᠨ ᠤ ᠭᠡᠷ᠎ᠡ ᠲᠣᠭᠲᠠᠬᠤ ᠶᠢ ᠠᠯᠢ ᠴᠢᠳᠠᠬᠤ ᠪᠠᠷ ᠪᠦᠬᠦᠨ ᠢ ᠪᠡᠶᠡᠯᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠭᠠᠷ ᠳᠦᠷᠦᠬᠦ ᠶᠢ ᠭᠤᠣᠯᠳᠠᠯᠭ᠎ᠠ ᠲᠠᠢ ᠬᠡᠷᠡᠭᠵᠢᠭᠦᠯᠦᠨ᠂ ᠭᠡᠷ᠎ᠡ ᠲᠣᠭᠲᠠᠭᠰᠠᠨ ᠤ ᠳᠠᠷᠠᠭᠠᠬᠢ ᠦᠢᠯᠡᠴᠢᠯᠡᠭᠡᠨ ᠤ ᠨᠤᠷᠮ᠎ᠠ ᠶᠢ 100%᠎ ᠳᠤ ᠬᠦᠷᠦᠭᠦᠯᠬᠦ ᠬᠡᠷᠡᠭᠲᠡᠢ᠃ ᠡᠯ᠎ᠡ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠰᠤᠳᠤᠯᠤᠨ ᠨᠡᠬᠡᠬᠡᠭᠰᠡᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ App ᠰᠢᠰᠲ᠋ᠧᠮ ᠢ ᠢᠳᠡᠪᠬᠢᠲᠡᠶ ᠬᠡᠷᠡᠭᠯᠡᠵᠦ᠂ ᠬᠡᠷ ᠪᠦᠯᠢ ᠶᠢᠨ ᠡᠮᠴᠢ ᠵᠢᠴᠢ ᠭᠡᠷ᠎ᠡ ᠲᠣᠭᠲᠠᠭᠰᠠᠨ ᠤᠯᠠᠨ ᠲᠦᠮᠡᠨ ᠤ App᠎ ᠶᠢᠨ ᠳᠠᠩᠰᠠᠯᠠᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠬᠢᠭᠡᠳ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ᠂ ᠦᠨᠳᠦᠰᠦᠨ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ ᠵᠡᠷᠭᠡ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠵᠢᠯ ᠢ ᠴᠢᠩᠭᠠᠳᠬᠠᠵᠦ᠂ ᠭᠡᠷ᠎ᠡ ᠲᠣᠭᠲᠠᠬᠤ ᠦᠢᠯᠡᠴᠢᠯᠡᠭᠡᠨ ᠤ ᠰᠢᠰᠲ᠋ᠧᠮ ᠢ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠯᠦᠭᠡ ᠨᠡᠶᠢᠯᠡᠭᠦᠯᠬᠦ ᠪᠠ ᠬᠠᠮᠲᠤᠪᠠᠷ ᠬᠦᠷᠲᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ ᠭᠡᠵᠡᠢ᠃      ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠠᠶᠢᠮᠠᠭ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠬᠢᠨᠠᠨ ᠰᠢᠯᠭᠠᠯᠲᠠ ᠶᠢᠨ ᠭᠦᠢᠴᠡᠳᠬᠡᠬᠦ ᠲᠤᠭ᠎ᠠ ᠶᠢᠨ ᠬᠡᠪᠴᠢᠶᠡᠨ ᠳᠤ ᠣᠷᠤᠭᠤᠯᠪᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号