ᠦᠪᠡᠷᠳᠡᠭᠡᠨ ᠵᠠᠰᠠᠬᠤ ᠤᠷᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠢᠴᠢ ᠵᠤᠷᠯᠦᠩ ᠤᠨ ᠬᠤᠪᠢᠰᠬᠠᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠢᠪᠡ
ᠨᠡᠶᠢᠲᠡᠯᠡᠭᠰᠡᠨ ᠴᠠᠭ᠄
2018/6/20
     6 ᠳ᠋ᠤᠭᠠᠷ ᠰᠠᠷ᠎ᠡ ᠶᠢᠨ 19᠎ ᠤ ᠡᠳᠦᠷ ᠤᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠢᠴᠢ ᠵᠤᠷᠯᠦᠩ ᠤᠨ ᠬᠤᠪᠢᠰᠬᠠᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠢ ᠬᠢᠵᠠᠢ᠃  ᠬᠤᠷᠠᠯ ᠳᠡᠭᠡᠷ᠎ᠠ ᠯᠢ ᠵᠢᠢ ᠾᠧᠩ᠂ ᠪᠦ᠋ ᠰᠢᠶᠤᠤ ᠯᠢᠨ ᠨᠦᠭᠦᠷ ᠠᠴᠠ ᠪᠦᠭᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠥᠭᠭᠦᠭᠰᠡᠨ ᠴᠤᠬᠤᠯᠠᠪᠦᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠡ ᠵᠤᠷᠯᠦᠩ ᠤᠨ ᠬᠤᠪᠢᠰᠬᠠᠯ ᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠳᠤ ᠲᠤᠬᠢᠷᠠᠭᠤᠯᠤᠯᠳᠡ ᠪᠠᠶᠢᠷᠢᠯᠠᠭᠤᠯᠤᠯᠳᠡ ᠬᠢᠵᠠᠢ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ᠂ ᠨᠠᠮ ᠤᠨ ᠬᠤᠷᠢᠶ᠎ᠠ ᠎ ᠶᠢᠨ ᠤᠯᠤᠰ‌‍ᠲ᠋ᠦ᠋ᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠠ᠃      ᠯᠢ ᠵᠢᠶᠠ ᠵᠢᠭᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠲᠤᠬᠢᠯᠢᠭ ᠦᠵᠡᠰᠭᠦᠯᠡᠩᠳᠤ ᠰᠠᠶᠢᠬᠠᠨ ᠭᠦᠳᠡᠭᠡ ᠲᠤᠰᠬᠤᠨ ᠢ ᠪᠠᠶᠢᠭᠤᠯᠬᠤ ᠲᠤᠬᠠᠢ ᠴᠢᠬᠤᠯᠡ ᠵᠢᠭᠠᠪᠦᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠡᠨ ᠲᠤᠤᠱᠯᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠡ ᠵᠤᠷᠯᠤᠩ ᠤᠨ ᠬᠤᠪᠢᠰᠬᠠᠯ ᠢ ᠠᠬᠢᠭᠤᠯᠬᠤ ᠶᠢ ᠭᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠶᠢ ᠭᠡᠷᠡᠭᠵᠢᠭᠦᠯᠭᠦ ᠨᠢᠭᠡᠳᠦᠭᠡᠷ ᠬᠠᠳᠠᠭᠤ ᠲᠠᠶᠢᠯᠠᠯᠳᠤᠭᠠᠨ ᠪᠤᠯᠭᠠᠵᠤ᠂ ᠰᠠᠭᠤᠷᠢ ᠪᠡᠯᠡᠳᠬᠡᠮᠵᠢ ᠪᠡ ᠤᠯᠠᠨ ᠨᠡᠶᠢᠳᠡ ᠶᠢᠨ ᠦᠢᠯᠡᠴᠢᠯᠡᠭᠡᠨ ᠤ ᠲᠤᠳᠠᠭᠤᠳᠡᠯ ᠢ ᠲᠦᠷᠭᠡᠨ ᠨᠦᠬᠦᠪᠦᠷᠢᠯᠡᠵᠦ᠂ ᠦᠷᠭᠡᠨ ᠤᠯᠠᠨ ᠮᠠᠯᠵᠢᠬᠤ ᠲᠠᠷᠢᠶᠠᠯᠠᠬᠤ ᠤᠷᠤᠨ ᠢ ᠦᠵᠡᠰᠭᠦᠯᠡᠩᠳᠤ ᠰᠠᠶᠢᠬᠠᠨ ᠪᠤᠯᠭᠠᠵᠤ᠂ ᠤᠷᠤᠰᠢᠨ ᠰᠠᠭᠤᠷᠢᠰᠢᠬᠤ ᠳᠤ ᠲᠤᠬᠢᠯᠢᠭ ᠪᠤᠯᠭᠠᠬᠤ ᠪᠠᠷ ᠴᠢᠷᠮᠠᠶᠢᠬᠤ ᠭᠡᠷᠡᠭᠲᠠᠢ ᠭᠡᠪᠡ᠃      ᠯᠢ ᠵᠢᠶᠠ ᠱᠠᠭᠠᠷᠳᠠᠭᠰᠠᠨ ᠨᠢ  ᠂ ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠪᠠᠶᠢᠭᠠᠯᠢ ᠶᠢᠨ ᠤᠷᠴᠢᠨ ᠲᠤᠭᠤᠷᠢᠨ᠂ ᠠᠵᠤ ᠠᠬᠤᠢ ᠶᠢᠨ ᠬᠦᠭᠵᠢᠯᠲᠡ ᠶᠢᠨ ᠲᠦᠪᠰᠢᠨ ᠠᠳᠠᠯᠢ ᠪᠤᠰᠤ ᠪᠠᠶᠢᠬᠤ ᠪᠤᠳᠠᠳᠤ ᠪᠠᠶᠢᠳᠠᠯ ᠳᠤ ᠰᠠᠭᠤᠷᠢᠯᠠᠵᠤ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢᠨ ᠵᠠᠰᠠᠯᠲᠠ᠂ ᠠᠮᠢᠳᠤᠷᠠᠯ ᠤᠨ ᠪᠤᠬᠢᠷ ᠤᠰᠤ ᠶᠢᠨ ᠵᠠᠰᠠᠯᠲᠠ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠬᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠬᠯᠠᠬᠤ᠂ ᠲᠤᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠠᠪᠴᠤ ᠪᠠᠶᠢᠭᠠᠳ ᠪᠤᠵᠠᠷ ᠮᠠᠭᠤᠬᠠᠢ ᠡᠷᠦᠢ ᠬᠤᠷᠤᠢ ᠦᠭᠡᠢ ᠪᠠᠶᠢᠳᠠᠯ ᠢ ᠵᠠᠰᠠᠨ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠢ ᠨᠡᠮᠡᠭᠳᠡᠬᠦᠯᠬᠦ ᠬᠡᠷᠡᠭᠲᠡᠢ᠃ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠵᠢᠮ᠎ᠠ ᠶᠤᠰᠤ ᠶᠢ ᠵᠢᠷᠦᠮᠯᠡᠵᠦ᠂ ᠤᠷᠢᠳᠠᠪᠠᠷ ᠲᠦᠯᠦᠪᠵᠢᠭᠦᠯᠥᠨ᠂ ᠭᠠᠵᠠᠷ ᠤᠷᠤᠨ ᠤ ᠪᠠᠶᠢᠳᠠᠯ ᠳᠠᠭᠠᠨ ᠵᠤᠬᠢᠴᠠᠭᠤᠯᠬᠤ᠂ ᠠᠯᠬᠤᠮ ᠠᠯᠬᠤᠮ ᠢᠶᠠᠷ ᠠᠬᠢᠭᠤᠯᠬᠤ ᠶᠢ ᠪᠠᠷᠢᠮᠲᠠᠯᠠᠨ᠂ ᠮᠠᠯᠴᠢᠨ ᠲᠠᠷᠢᠶᠠᠴᠢᠨ ᠤ ᠭᠤᠤᠯ ᠴᠤᠬᠴᠠ ᠶᠢᠨ ᠦᠢᠯᠡᠳᠦᠯ ᠢ ᠨᠢ ᠬᠦᠢᠴᠡᠳ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠎ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠦᠷᠬᠦᠯᠵᠢᠯᠡᠨ ᠡᠷᠡᠭᠦᠯ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠤᠳᠠᠲᠠᠢ ᠠᠴᠠ ᠡᠭᠦᠰᠬᠦ ᠶᠢ ᠪᠠᠷᠢᠮᠲᠠᠯᠠᠨ᠂ ᠵᠤᠷᠯᠤᠩ ᠤᠨ ᠬᠤᠪᠢᠰᠬᠠᠯ ᠢ ᠦᠷᠬᠦᠯᠵᠢᠯᠡᠨ ᠠᠬᠢᠭᠤᠯᠤᠨ᠂ ︽ᠪᠠᠶᠢᠬᠤ ᠡᠰᠡᠬᠦ︾᠎ ᠠᠴᠠ ︽ᠰᠠᠶᠢᠨ ᠡᠰᠡᠬᠦ︾᠎ ᠳᠤ ᠬᠦᠷᠬᠦ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠵᠤᠬᠢᠶᠠᠨ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠤᠷᠤᠭᠤᠯᠤᠯᠳᠠ ᠶᠢᠨ ᠲᠤᠬᠲᠠᠴᠠ ᠶᠢ ᠪᠦᠷᠢᠨᠰᠢᠭᠦᠯᠵᠦ᠂ ᠬᠢᠨᠠᠨ ᠬᠠᠮᠢᠶᠠᠷᠬᠤ ᠰᠢᠯᠭᠠᠨ ᠪᠠᠶᠢᠴᠠᠭᠠᠬᠤ ᠪᠠᠨ ᠴᠢᠩᠭᠠᠳᠬᠠᠨ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠬᠠᠮᠲᠤᠪᠠᠷ ᠴᠢᠬᠤᠯᠠᠴᠢᠯᠠᠬᠤ ᠪᠠᠨ ᠠᠩᠬᠠᠷᠴᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠬᠤᠭᠤᠴᠠᠭ᠎ᠠ ᠶᠤᠰᠤᠭᠠᠷ ᠴᠢᠨᠠᠷ ᠰᠠᠶᠢᠳᠠᠢ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ ᠭᠡᠪᠠ᠃      ᠯᠢ ᠵᠢᠶᠠ ᠴᠢᠬᠤᠯᠠᠴᠢᠯᠠᠭᠰᠠᠨ ᠨᠢ᠂ ᠮᠠᠯᠴᠢᠨ ᠲᠠᠷᠢᠶᠠᠴᠢᠳ ᠲᠤ ᠭᠦᠨ ᠵᠤᠵᠠᠭᠠᠨ ᠰᠡᠳᠭᠢᠯᠭᠡ ᠶᠢ ᠡᠪᠦᠷᠯᠡᠨ ᠭᠠᠩ ᠬᠠᠭᠰᠠᠷᠠᠭᠠᠨ ᠲᠠᠢ ᠲᠡᠮᠡᠴᠡᠨ ᠭᠠᠮᠰᠢᠭ ᠢ ᠪᠠᠭᠠᠰᠬᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠤᠳᠳᠤᠭ ᠮᠠᠯᠲᠠᠬᠤ᠂ ᠤᠰᠤ ᠲᠠᠲᠠᠬᠤ᠂ ᠬᠦᠮᠦᠨ ᠤ ᠬᠦᠴᠦᠨ ᠢᠶᠠᠷ ᠪᠤᠷᠤᠭᠠᠨ ᠣᠷᠣᠭᠤᠯᠬᠤ ᠵᠡᠷᠭᠡ ᠠᠵᠢᠯ ᠢ ᠰᠠᠶᠢᠲᠤᠷ ᠦᠷᠨᠢᠭᠦᠯᠦᠨ᠂ ᠴᠠᠷᠴᠠᠬᠠᠢ ᠤᠰᠠᠳᠬᠠᠬᠤ ᠪᠠ ᠮᠠᠯ ᠤᠨᠤᠭ᠎ᠠ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠭᠠᠮᠰᠢᠬᠳᠠᠬᠰᠠᠨ ᠤᠯᠠᠨ ᠲᠦᠮᠡᠨ ᠤ ᠠᠮᠢᠳᠤᠷᠠᠯ ᠪᠠᠲᠤᠯᠠᠭ᠎ᠠ ᠲᠠᠢ ᠪᠠᠶᠢᠵᠤ᠂ ᠦᠢᠯᠡᠳᠪᠦᠷᠢᠯᠡᠯ ᠢ ᠶᠡᠭᠡ ᠨᠦᠯᠦᠭᠡᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠤᠯᠠᠭᠠᠨᠬᠠᠲᠠ ᠬᠤᠲᠠ᠂ ᠰᠢᠯᠤᠭᠤᠨ ᠬᠦᠬᠡ ᠬᠤᠰᠢᠭᠤ᠂ ᠦᠶᠤᠸᠠᠨ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠠ ᠰᠠᠨᠠᠯ ᠰᠤᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号