ᠯᠢ ᠵᠢᠢ ᠾᠧᠩ ᠪᠦ᠋ ᠰᠢᠶᠤᠤ ᠯᠢᠨ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠴᠤᠬᠤᠯᠠᠪᠤᠷᠢ ᠦᠭᠪᠡ
ᠨᠡᠶᠢᠲᠡᠯᠡᠭᠰᠡᠨ ᠴᠠᠭ᠄
2018/6/20
     6 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠤᠰ ᠲᠤᠰ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠴᠤᠬᠤᠯᠠᠪᠤᠷᠢ ᠦᠭᠴᠡᠢ᠃      ᠯᠢ ᠵᠢᠢ ᠾᠧᠩ ᠴᠤᠬᠤᠯᠠᠪᠤᠷᠢ ᠳᠠᠭᠠᠨ ᠵᠢᠭᠠᠭᠰᠠᠨ ᠨᠢ᠂ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠴᠢᠬᠤᠯᠠ ᠶᠡᠭᠡ ᠠᠷᠭ᠎ᠠ ᠭᠡᠮᠵᠢᠶ᠎ᠠ ᠮᠦᠨ᠃ ᠡᠯ᠎ᠠ ᠭᠠᠵᠠᠷ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠶᠡᠷᠦᠩᠭᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠲᠤᠬᠠᠢ ᠠᠯᠢ ᠤᠯᠠᠨ ᠴᠢᠬᠤᠯᠠ ᠵᠢᠭᠠᠪᠤᠷᠢ ᠶᠢ ᠬᠦᠨᠵᠡᠭᠡᠢ ᠲᠤᠤᠱᠯᠠᠭᠤᠯᠵᠦ᠂ ᠪᠦᠬᠦ ᠤᠯᠤᠰ ᠤᠨ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠪᠠᠨ ᠴᠢᠩᠭᠠᠳᠬᠠᠵᠦ᠂ ᠡᠯ᠎ᠠ ᠲᠦᠷᠦᠯ ᠤᠨ ᠡᠬᠢ ᠪᠠᠶᠠᠯᠢᠭ ᠢ ᠨᠡᠶᠢᠳᠬᠡᠵᠦ᠂ ᠡᠯ᠎ᠠ ᠲᠠᠯ᠎ᠠ ᠶᠢᠨ ᠬᠦᠴᠦᠨ ᠢᠯᠠᠩᠭᠤᠶ᠎ᠠ ᠦᠷᠭᠡᠨ ᠤᠯᠠᠨ ᠮᠠᠯᠴᠢᠨ ᠲᠠᠷᠢᠶᠠᠴᠢᠨ ᠤ ᠢᠳᠡᠪᠬᠢ ᠴᠢᠨᠠᠷ ᠰᠠᠨᠠᠭᠠᠴᠢᠯᠠᠭᠠᠳᠦ ᠴᠢᠨᠠᠷ ᠪᠦᠳᠦᠭᠡᠯᠴᠢ ᠴᠢᠨᠠᠷ ᠢ ᠳᠠᠶᠢᠴᠢᠯᠠᠵᠤ᠂ ᠲᠦᠯᠦᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠪᠠᠷᠢᠮᠳᠠᠯᠠᠵᠦ᠂ ᠪᠤᠳᠠᠳᠠᠢ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠳᠠᠯᠠᠵᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠭᠡᠷᠡᠭᠵᠢᠬᠦᠯᠵᠦ᠂ ᠴᠢᠳᠠᠯ ᠤᠨ ᠢᠶᠠᠨ ᠬᠢᠷᠢ ᠪᠠᠷ ᠠᠵᠢᠯᠯᠠᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠨ ᠵᠠᠰᠠᠬᠤ ᠶᠢ ᠭᠤᠷᠪᠡᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠠᠢ ᠤᠶᠠᠯᠳᠤᠭᠤᠯᠵᠦ᠂ ᠳᠤᠪᠤᠶᠢᠮ᠎ᠠ ᠳᠤᠳᠠᠭᠤᠳᠠᠯ ᠢ ᠲᠦᠷᠭᠡᠨ ᠨᠦᠬᠦᠪᠦᠷᠢᠯᠡᠵᠦ᠂ ᠬᠦᠳᠡᠭᠡ ᠲᠤᠰᠬᠤᠨ ᠤ ᠲᠦᠷᠰᠦ ᠪᠠᠶᠢᠳᠠᠯ ᠢ ᠳᠠᠰᠤᠷᠠᠯᠳᠠ ᠦᠭᠡᠢ ᠰᠠᠶᠢᠵᠢᠷᠠᠭᠤᠯᠵᠤ᠂ ᠵᠤᠷᠯᠤᠩ ᠤᠨ ᠬᠤᠪᠢᠰᠬᠠᠯ ᠢ ᠦᠷᠬᠦᠯᠵᠢᠯᠡᠨ ᠠᠬᠢᠭᠤᠯᠵᠦ᠂ ᠦᠨᠡᠨ ᠪᠤᠳᠠᠳᠠᠢ ᠠᠮᠵᠢᠯᠳᠠ ᠪᠦᠳᠦᠮᠵᠢ ᠪᠠᠷ ᠦᠷᠭᠡᠨ ᠤᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠠᠩᠭᠠᠵᠦ᠂ ᠡᠭᠡ ᠤᠯᠤᠰ ᠤᠨ ᠤᠮᠠᠷᠠᠳᠦ ᠶᠢᠨ ᠡᠨᠡᠬᠦ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠭᠡᠷᠡᠭᠲᠡᠢ ᠭᠡᠵᠡᠢ᠃      ᠪᠦ᠋ ᠰᠢᠶᠤᠤ ᠯᠢᠨ ᠴᠤᠬᠤᠯᠠᠪᠤᠷᠢ ᠳᠠᠭᠠᠨ ᠵᠢᠭᠠᠭᠰᠠᠨ ᠨᠢ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠢ ᠬᠤᠯᠪᠤᠭᠳᠠᠵᠤ᠂ ᠦᠷᠭᠡᠨ ᠤᠯᠠᠨ ᠮᠠᠯᠴᠢᠨ ᠲᠠᠷᠢᠶᠠᠴᠢᠨ ᠤ ᠵᠤᠯ ᠵᠢᠷᠭᠠᠯ ᠪᠠ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠪᠤᠯᠪᠠᠰᠤᠨ ᠡᠶ᠎ᠡ ᠵᠤᠬᠢᠴᠠᠩᠭᠤᠢ ᠲᠠᠢ ᠬᠤᠯᠪᠤᠭᠳᠠᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠠᠳᠤ ᠪᠠᠬᠢ ᠪᠤᠢ ᠪᠤᠯᠭᠠᠬᠤ ᠪᠦᠭᠡᠳ ᠦᠢᠯᠡᠳᠦᠯᠭᠡᠵᠢᠭᠦᠯᠵᠤ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠲᠡᠷᠤᠢ ᠠᠯᠳᠠᠨ ᠮᠦᠩᠭᠦᠨ ᠠᠭᠤᠯᠠ ᠪᠤᠯᠤᠨ᠎ᠠ ᠭᠡᠳᠡᠭ ᠢ ᠪᠠᠷᠢᠮᠳᠠᠯᠠᠵᠤ᠂ ᠭᠠᠵᠠᠷ ᠤᠷᠤᠨ ᠤ ᠪᠠᠨ ᠪᠠᠶᠢᠳᠠᠯ ᠲᠠᠢ ᠤᠶᠠᠯᠳᠤᠭᠤᠯᠤᠨ᠂ ᠲᠦᠷᠦᠯ ᠬᠤᠪᠢᠶᠠᠨ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠤ᠂ ᠨᠠᠷᠢᠯᠢᠭ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠦᠵᠡᠰᠭᠦᠯᠡᠩᠳᠤ ᠰᠠᠶᠢᠬᠠᠨ ᠤᠷᠤᠰᠢᠨ ᠰᠠᠭᠤᠷᠢᠰᠢᠬᠤ ᠳᠤ ᠲᠤᠬᠢᠯᠢᠭ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠬᠡᠷᠡᠭᠳᠠᠢ᠃ ᠠᠵᠢᠯ ᠤᠨ ᠳᠤᠮᠳᠠ ᠪᠠᠨ ᠲᠤᠰᠬᠤᠨ ᠤ ᠠᠷᠠᠳ ᠤᠨ ᠰᠠᠨᠠᠭ᠎ᠠ ᠶᠢ ᠬᠦᠨᠳᠦᠳᠭᠡᠵᠤ᠂ ᠲᠤᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠳᠡᠰ ᠳᠠᠷᠠᠭᠠᠯᠠᠯ ᠪᠠ ᠪᠠᠷᠢᠮᠵᠢᠶ᠎ᠠ ᠶᠢ ᠵᠤᠬᠢᠰᠳᠠᠢ ᠲᠤᠭᠳᠠᠭᠠᠵᠤ᠂ ᠲᠤᠰᠬᠤᠨ ᠤ ᠠᠷᠠᠳ ᠤᠨ ᠭᠤᠤᠯ ᠴᠤᠭᠴᠠ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠳᠠᠢ᠃ ᠪᠦᠬᠦ ᠬᠦᠴᠦ ᠪᠠᠷ ᠢᠶᠠᠨ ᠬᠢᠵᠤ᠂ ᠴᠢᠳᠠᠯ ᠤᠨ ᠢᠶᠠᠨ ᠬᠢᠷᠢ ᠳᠤᠳᠤᠷ᠎ᠠ ᠴᠢᠷᠮᠠᠶᠢᠵᠤ᠂ ᠳᠦᠷᠢ ᠳᠦᠷᠬᠦ ᠶᠢᠨ ᠢᠨᠵᠧᠨᠧᠷᠢᠩ ᠪᠤᠯᠤᠨ ᠵᠠᠰᠠᠭ ᠤᠨ ᠠᠵᠢᠯ ᠤᠨ ᠠᠮᠵᠢᠯᠳᠠ ᠶᠢᠨ ᠲᠦᠯᠦᠭᠡ ᠶᠠᠪᠤᠭᠳᠠᠭᠤᠯᠤᠭᠰᠠᠨ ᠢᠨᠵᠧᠨᠧᠷᠢᠩ ᠢ ᠡᠷᠡᠰ ᠴᠠᠭᠠᠵᠠᠯᠠᠬᠤ ᠬᠡᠷᠡᠭᠳᠠᠢ᠃ ᠭᠠᠵᠠᠷ ᠤᠷᠤᠨ ᠤ ᠤᠨᠴᠠᠯᠢᠭ ᠪᠤᠯᠤᠨ ᠨᠤᠲᠤᠭ ᠤᠨ ᠤᠨᠴᠠᠯᠢᠭ ᠢ ᠴᠢᠬᠤᠯᠠᠴᠢᠯᠠᠵᠤ᠂ ᠭᠠᠵᠠᠷ ᠤᠷᠤᠨ ᠤ ᠰᠤᠶᠤᠯ ᠤᠨ ᠡᠯᠧᠮᠧᠨ᠋ᠲ ᠲᠡᠮᠳᠡᠭ ᠢ ᠴᠢᠩᠭᠠᠷᠠᠭᠤᠯᠵᠤ᠂ ᠬᠦᠳᠡᠭᠡ ᠲᠤᠰᠬᠤᠨ ᠤ ᠦᠵᠡᠮᠵᠢ ᠪᠠᠶᠢᠳᠠᠯ ᠢ ᠬᠠᠮᠠᠭᠠᠯᠠᠵᠤ᠂ ᠨᠤᠲᠤᠭ ᠤᠨ ᠳᠤᠷᠠᠰᠤᠮᠵᠢ ᠪᠠ ᠰᠤᠶᠤᠯ ᠤᠨ ᠰᠠᠭᠤᠭᠳᠠᠯ ᠢ ᠦᠯᠡᠳᠡᠭᠡᠵᠤ᠂ ᠬᠦᠳᠡᠭᠡ ᠲᠤᠰᠬᠤᠨ ᠢ ᠰᠢᠨ᠎ᠠ ᠴᠠᠭ ᠦᠶ᠎ᠠ ᠶᠢᠨ ᠬᠦᠭᠵᠢᠯᠲᠡ ᠳᠤ ᠦᠪᠡᠷᠮᠢᠴᠠ ᠦᠩᠭᠡ ᠦᠵᠡᠮᠵᠢ ᠪᠤᠯᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠠᠶᠢᠯᠭᠠᠬᠤ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号